1.jpg

ᠲᠤᠬᠠᠢ ᠶᠢᠨ ᠭᠠᠵᠠᠷ ᠤᠨ ᠴᠠᠭ ᠢᠶᠠᠷ 18 ᠤ ᠡᠳᠦᠷ᠂ 2022 — 2023 ᠤᠷᠤᠯᠳᠤᠭᠠᠨ ᠤ ᠤᠯᠠᠷᠢᠯ ᠤᠨ ᠲᠦᠷᠭᠡᠨ ᠲᠡᠰᠢᠯᠲᠡ ᠶᠢᠨ ᠳᠡᠯᠡᠬᠡᠢ ᠶᠢᠨ ᠬᠤᠨᠳᠠᠭᠠᠲᠤ ᠤᠷᠤᠯᠳᠤᠭᠠᠨ ᠫᠤᠯᠠᠨᠳ᠋ ᠳᠤ ᠶᠠᠪᠤᠭᠳᠠᠪᠠ᠃ ᠡᠮᠡᠭᠲᠡᠢ ᠶᠢᠨ ᠣᠶᠢᠷ᠎ᠠ ᠵᠠᠢ ᠶᠢᠨ ᠬᠠᠮᠲᠤ ᠶᠢᠨ  ᠨᠡᠬᠡᠯᠳᠡ ᠤᠷᠤᠯᠳᠤᠭᠠᠨ ᠳᠤ ᠬᠠᠨ ᠮᠧᠶ᠂ ᠵᠠᠩ ᠯᠢ ᠨᠠ ᠪᠣᠯᠣᠨ ᠶᠢᠨ ᠵᠢᠩ ᠵᠦ ᠭᠤᠷᠪᠠᠭᠤᠯᠠ ᠪᠠᠷ ᠪᠦᠷᠢᠯᠳᠦᠭᠰᠡᠨ ᠳᠤᠮᠳᠠᠳᠤ ᠤᠯᠤᠰ ᠤᠨ ᠠᠩᠭᠢ ᠭᠠᠷᠮᠠᠭᠠᠢ ᠠᠮᠵᠢᠯᠲᠠ ᠭᠠᠷᠭᠠᠵᠤ᠂ 1 ᠮᠢᠨᠦ᠋ᠲ 29 ᠰᠧᠺᠦ᠋ᠨ᠋ᠳ᠋ 51 ᠶᠢᠨ ᠬᠢᠷᠢ ᠪᠦᠲᠦᠮᠵᠢ ᠪᠠᠷ ᠬᠦᠷᠡᠯ ᠮᠧᠳᠠᠯ ᠭᠠᠷᠳᠠᠪᠠ᠃ ᠡᠨᠡ ᠨᠢ ᠮᠥᠨ ᠴᠦ ᠳᠤᠮᠳᠠᠳᠤ ᠤᠯᠤᠰ ᠤᠨ ᠠᠩᠭᠢ ᠶᠢᠨ ᠲᠤᠰ ᠤᠷᠤᠯᠳᠤᠭᠠᠨ ᠳᠤ ᠣᠯᠣᠭᠰᠠᠨ ᠠᠩᠬᠠᠳᠠᠭᠴᠢ ᠱᠠᠩᠨᠠᠯ ᠤᠨ ᠮᠧᠳᠠᠯ ᠪᠣᠯᠣᠨ᠎ᠠ᠃

2.png

ᠬᠠᠨ ᠮᠧᠶ ᠪᠣᠯ ᠥᠪᠥᠷ ᠮᠣᠩᠭᠤᠯ ᠠᠴᠠ ᠴᠤᠯᠭᠤᠷᠠᠭᠰᠠᠨ ᠲᠠᠮᠢᠷᠴᠢᠨ ᠪᠤᠯᠤᠨ᠎ᠡ᠃ ᠬᠠᠨ ᠮᠧᠶ 1998 ᠣᠨ ᠳᠤ ᠬᠥᠬᠡᠬᠤᠲᠠ ᠳᠤ ᠳᠦᠷᠦᠵᠦ᠂ ᠪᠠᠭ᠎ᠠ ᠨᠠᠰᠤᠨ ᠳᠠᠭᠠᠨ ᠬᠦᠷᠳᠦᠲᠦ ᠲᠡᠰᠢᠯᠲᠡ ᠶᠢᠨ ᠪᠤᠯᠪᠠᠰᠤᠷᠠᠯ ᠬᠦᠷᠳᠡᠭᠰᠡᠨ ᠪᠥᠭᠡᠳ ᠬᠥᠬᠡᠬᠤᠲᠠ ᠶᠢᠨ ᠬᠦᠷᠳᠦᠲᠦ ᠲᠡᠰᠢᠯᠲᠡ ᠶᠢᠨ ᠠᠩᠭᠢ ᠳᠤ ᠣᠷᠣᠵᠠᠢ᠃ 2009 ᠣᠨ ᠳᠤ᠂ ᠬᠠᠨ ᠮᠧᠶ  ᠮᠦᠭᠳᠡᠨ ᠤ ᠪᠡᠶ᠎ᠡ ᠶᠢᠨ ᠲᠠᠮᠢᠷ ᠤᠨ ᠳᠡᠭᠡᠳᠦ ᠰᠤᠷᠭᠠᠭᠤᠯᠢ ᠳᠤ ᠣᠷᠣᠵᠤ ᠲᠦᠷᠭᠡᠨ ᠲᠡᠰᠢᠯᠲᠡ ᠶᠢᠨ ᠪᠤᠯᠪᠠᠰᠤᠷᠠᠯ ᠢᠶᠠᠨ ᠡᠬᠢᠯᠡᠭᠦᠯᠪᠡ᠃ 2016 ᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠡᠭᠡᠷ᠎ᠡ᠂ ᠬᠠᠨ ᠮᠧᠢ ᠵᠠᠯᠠᠭᠤᠴᠤᠳ ᠶᠢᠨ 1500 ᠮᠧᠲᠷ ᠤᠨ ᠤᠷᠤᠯᠳᠤᠭᠠᠨ ᠳᠤ 1 ᠮᠢᠨᠦ᠋ᠲ 59 ᠰᠧᠺᠦ᠋ᠨ᠋ᠳ᠋ 04 ᠤᠨ ᠬᠢᠷᠢ ᠪᠦᠲᠦᠮᠵᠢ ᠪᠠᠷ ᠰᠦᠩ ᠯᠢ ᠶᠢᠨ 16 ᠵᠢᠯ ᠪᠠᠷᠢᠮᠲᠠᠯᠠᠭᠰᠠᠨ ᠪᠦᠬᠦ ᠤᠯᠤᠰ ᠤᠨ ᠵᠠᠯᠠᠭᠤᠴᠤᠳ ᠤᠨ ᠲᠡᠮᠳᠡᠭᠯᠡᠯ ᠢ ᠰᠢᠨᠡᠳᠬᠡᠪᠡ᠃ 2017 ᠣᠨ ᠤ ᠨᠠᠢᠮᠠᠳᠤᠭᠠᠷ ᠬᠤᠭᠤᠴᠠᠭᠠᠨ ᠤ ᠠᠽᠢᠶ᠎ᠠ ᠲᠢᠪ ᠤᠨ  ᠡᠪᠦᠯ ᠤᠨ ᠤᠯᠠᠷᠢᠯ ᠤᠨ ᠲᠠᠮᠢᠷ ᠶᠢᠨ ᠴᠤᠭᠯᠠᠭᠠᠨ ᠲᠡᠭᠡᠷ᠎ᠡ ᠡᠮᠡᠭᠳᠡᠢ ᠶᠢᠨ 5000 ᠮᠧᠲᠷ ᠤᠨ ᠤᠷᠤᠯᠳᠤᠭᠠᠨ ᠳᠤ ᠮᠦᠩᠭᠦᠨ ᠮᠧᠳᠡᠯ ᠭᠠᠷᠳᠠᠪᠠ᠃

89e2e83a-ac46-46c0-96f3-2d13038bfa67.jpg

ᠺᠣᠷᠢᠶᠠ ᠳᠤ ᠶᠠᠪᠤᠭᠳᠠᠭᠰᠠᠨ ᠫᠢᠩᠴᠠᠩ ᠤᠨ ᠡᠪᠦᠯ ᠤᠨ ᠤᠯᠢᠮᠫᠢᠺ ᠤᠨ ᠴᠤᠭᠯᠠᠭᠠᠨ ᠳᠤ ᠬᠠᠨ ᠮᠧᠶ ᠡᠮᠡᠭᠲᠡᠢ ᠶᠢᠨ ᠬᠠᠮᠲᠤ ᠶᠢᠨ  ᠨᠡᠬᠡᠯᠳᠡ ᠤᠷᠤᠯᠳᠤᠭᠠᠨ ᠳᠤ ᠲᠠᠪᠤᠳᠤᠭᠠᠷ ᠲᠤ ᠤᠷᠤᠪᠠ᠃ ᠳᠥᠷᠪᠡᠨ ᠵᠢᠯ ᠤᠨ ᠳᠠᠷᠠᠭᠠᠬᠢ ᠪᠡᠭᠡᠵᠢᠩ ᠤᠨ ᠡᠪᠦᠯ ᠤᠨ ᠤᠯᠠᠷᠢᠯ ᠤᠨ ᠤᠯᠢᠮᠫᠢᠺ ᠤᠨ ᠴᠤᠭᠯᠠᠭᠠᠨ ᠤ ᠦᠶ᠎ᠡ ᠳᠤ᠂ ᠬᠠᠨ ᠮᠧᠶ ᠨᠢᠭᠡᠨᠲᠡ ᠳᠤᠮᠳᠠᠳᠤ ᠤᠯᠤᠰ ᠤᠨ ᠡᠮᠡᠭᠲᠡᠢ ᠶᠢᠨ ᠲᠦᠷᠭᠡᠨ ᠲᠡᠰᠢᠯᠲᠡ ᠶᠢᠨ ᠠᠩᠭᠢ ᠶᠢᠨ ᠭᠤᠣᠯᠳᠠᠯᠭ᠎ᠠ ᠲᠠᠢ ᠲᠠᠮᠢᠷᠴᠢᠨ ᠪᠤᠯᠵᠦ᠂ ᠡᠮᠡᠭᠲᠡᠢ ᠶᠢᠨ 1500 ᠮᠧᠲᠷ᠂ 3000 ᠮᠧᠲᠷ᠂ 5000 ᠮᠧᠲᠷ ᠤᠨ ᠤᠷᠤᠯᠳᠤᠭᠠᠨ ᠳᠤ  ᠤᠷᠤᠯᠴᠠᠪᠠ᠃ ᠡᠭᠦᠨ ᠳᠤ ᠲᠦᠷᠭᠡᠨ ᠲᠡᠰᠢᠯᠲᠡ ᠶᠢᠨ ᠡᠮᠡᠭᠲᠡᠢ ᠶᠢᠨ ᠬᠠᠮᠲᠤ ᠶᠢᠨ  ᠨᠡᠬᠡᠯᠳᠡ ᠤᠷᠤᠯᠳᠤᠭᠠᠨ ᠤᠷᠤᠯᠳᠤᠭᠠᠨ ᠳᠤ ᠬᠠᠨ ᠮᠧᠶ ᠠᠩᠭᠢ ᠶᠢᠨ ᠨᠥᠬᠦᠳ ᠲᠠᠢ ᠪᠠᠨ ᠲᠠᠪᠤᠳᠤᠭᠠᠷ ᠲᠤ ᠣᠷᠣᠵᠠᠢ᠃

f4633d59-ee7a-4b5a-ac82-00db18f88d04.jpg


ᠢᠷᠡᠯᠳᠡ : 

 ᠲᠤᠰ ᠰᠦᠯᠵᠢᠶ᠎ᠡ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ