ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤᠤᠯ ᠨᠢ 2020 ᠣᠨ ᠤ 2 ᠳ᠋ᠤᠭᠠᠷ ᠰᠠᠷ᠎ᠠ ᠳᠤ ᠥᠪᠥᠷ ᠮᠣᠩᠭᠤᠯ ᠳᠤ ᠶᠠᠪᠤᠭᠳᠠᠬᠤ ᠪᠠᠷ ᠪᠠᠶᠢᠭᠰᠠᠨ ᠶᠤᠮ᠃ ᠬᠢᠵᠢᠭ ᠤᠨ ᠨᠥᠯᠥᠭᠡ ᠠᠴᠠ ᠪᠤᠯᠵᠦ᠂ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ 2024 ᠣᠨ ᠤ 2 ᠳ᠋ᠤᠭᠠᠷ ᠰᠠᠷ᠎ᠠ ᠶᠢᠨ 17 ᠤ ᠡᠳᠦᠷ ᠠᠴᠠ 27 ᠤ ᠡᠳᠦᠷ ᠪᠣᠯᠲᠠᠯ᠎ᠠ ᠡᠷᠬᠢᠯᠡᠬᠦ ᠪᠠᠷ ᠪᠤᠯᠪᠠ᠃ ᠨᠢᠭᠡ ᠵᠢᠯ ᠤᠨ ᠣᠶ ᠶᠢ ᠲᠣᠩᠭᠤᠷᠤᠤ ᠲᠣᠭᠠᠯᠠᠬᠤ ᠠᠵᠢᠯᠯᠠᠭ᠎ᠠ ᠶᠠᠪᠤᠭᠳᠠᠬᠤ ᠶᠢ ᠳᠠᠭᠠᠯᠳᠤᠨ᠂ ᠡᠯ᠎ᠡ ᠵᠦᠢᠯ ᠤᠨ ᠪᠡᠯᠡᠳᠬᠡᠯ ᠠᠵᠢᠯ ᠨᠢᠭᠡᠨᠲᠡ ᠵᠠᠩᠭᠢᠯᠠᠭ᠎ᠠ ᠶᠢᠨ ᠴᠠᠭ ᠦᠶ᠎ᠡ ᠳᠤ ᠤᠷᠤᠪᠠ᠃   

ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠨᠡᠶᠢᠲᠡ 8 ᠶᠡᠭᠡ ᠲᠥᠷᠥᠯ ᠵᠦᠢᠯ 16 ᠬᠤᠪᠢᠶᠠᠷᠢ ᠲᠥᠷᠥᠯ ᠵᠦᠢᠯ 176 ᠪᠠᠭ᠎ᠠ ᠲᠥᠷᠥᠯ ᠵᠦᠢᠯ ᠢ ᠲᠣᠬᠢᠷᠠᠭᠤᠯᠪᠠ᠃ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠨᠢ 《ᠪᠣᠬᠢᠷᠳᠤᠯ ᠦᠭᠡᠢ᠂ ᠬᠠᠮᠲᠤ ᠪᠠᠷ ᠡᠳ᠋ᠯᠡᠬᠦ᠂ ᠨᠡᠭᠡᠭᠡᠯᠲᠡᠲᠡᠢ᠂ ᠠᠷᠢᠭᠤᠨ ᠴᠢᠬᠡᠴᠢ》 ᠪᠠᠶᠢᠬᠤ ᠤᠷᠤᠯᠳᠤᠭᠠᠨ ᠤ ᠣᠨᠣᠯᠵᠢᠬᠤᠨ ᠢ ᠪᠠᠷᠢᠮᠲᠠᠯᠠᠵᠤ᠂ ᠣᠲᠣ ᠶᠢᠨ ᠪᠠᠶᠢᠭ᠎ᠠ ᠲᠠᠯᠠᠪᠤᠷ ᠲᠥᠬᠦᠭᠡᠷᠦᠮᠵᠢ ᠶᠢ ᠭᠦᠢᠴᠡᠳ ᠠᠰᠢᠭᠯᠠᠪᠠ᠃ ᠬᠥᠯᠥᠨ ᠪᠤᠶᠢᠷ᠂ ᠤᠯᠠᠭᠠᠨᠬᠠᠳᠠ᠂ ᠤᠯᠠᠭᠠᠨᠴᠠᠪ ᠵᠡᠷᠭᠡ ᠭᠠᠵᠠᠷ ᠤᠨ  ᠬᠢᠨ ᠵᠣᠩᠬᠢᠯᠠᠬᠤ ᠣᠯᠠᠨ ᠲᠣᠭᠠᠨ ᠤ ᠲᠥᠷᠥᠯ ᠵᠦᠢᠯ ᠤᠨ ᠤᠷᠤᠯᠳᠤᠭᠠᠨ ᠢ ᠳᠠᠭᠠᠭᠠᠴᠢᠯᠠᠨ ᠡᠷᠭᠢᠯᠡᠨ᠎ᠡ᠃ ᠴᠢᠷᠭ᠎ᠠ᠂ ᠴᠠᠰᠤᠨ ᠲᠡᠷᠭᠡ ᠵᠡᠷᠭᠡ ᠤᠷᠤᠯᠳᠤᠭᠠᠨ ᠡᠷᠭᠢᠯᠡᠬᠦ ᠨᠥᠬᠦᠴᠡᠯ ᠦᠭᠡᠢ ᠲᠥᠷᠥᠯ ᠵᠦᠢᠯ ᠳᠤ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠲᠠᠯᠠᠪᠠᠶ ᠣᠷᠳᠣᠨ ᠢ ᠢᠳᠡᠪᠬᠢᠲᠡᠢ ᠠᠰᠢᠭᠯᠠᠨ᠎ᠠ᠃

ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠠᠩᠬ᠎ᠠ ᠤᠳᠠᠭ᠎ᠠ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠬᠤᠭᠤᠴᠠᠭᠠᠨ ᠳᠤ ᠪᠡᠶ᠎ᠡ ᠶᠢᠨ ᠲᠠᠮᠢᠷ ᠤᠨ ᠴᠢᠳᠠᠪᠤᠷᠢ ᠶᠢ ᠵᠥᠪᠰᠢᠶᠡᠷᠡᠬᠦ ᠰᠢᠯᠭᠠᠯᠲᠠ ᠶᠢ ᠪᠠᠶᠢᠷᠢᠯᠠᠭᠤᠯᠵᠤ᠂ ᠠᠳᠠᠯᠢ ᠪᠤᠰᠤ ᠤᠷᠤᠯᠳᠤᠭᠠᠨ ᠤ ᠣᠨᠴᠠᠯᠢᠭ ᠢ ᠦᠨᠳᠦᠰᠦᠯᠡᠨ ᠪᠡᠶ᠎ᠡ ᠶᠢᠨ ᠲᠠᠮᠢᠷ ᠤᠨ ᠴᠢᠳᠠᠪᠤᠷᠢ ᠶᠢᠨ ᠰᠢᠯᠭᠠᠯᠲᠠ ᠶᠢᠨ ᠠᠭᠤᠯᠭ᠎ᠠ᠂ ᠪᠠᠷᠢᠮᠵᠢᠶ᠎ᠠ᠂ ᠠᠷᠭ᠎ᠠ ᠮᠠᠶ᠋ᠢᠭ ᠵᠡᠷᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠭᠰᠠᠨ ᠪᠠᠶᠢᠨ᠎ᠠ᠃ ᠪᠡᠶ᠎ᠡ ᠶᠢᠨ ᠲᠠᠮᠢᠷ ᠤᠨ ᠴᠢᠳᠠᠪᠤᠷᠢ ᠶᠢᠨ ᠰᠢᠯᠭᠠᠯᠲᠠ ᠳᠤ ᠬᠢᠷᠢ ᠲᠡᠩᠴᠡᠭᠰᠡᠨ ᠲᠠᠮᠢᠷᠴᠢᠨ ᠰᠠᠶ᠋ᠢ ᠤᠷᠤᠯᠳᠤᠭᠠᠨ ᠳᠤ ᠣᠷᠣᠯᠴᠠᠵᠤ ᠪᠣᠯᠣᠨ᠎ᠠ᠃ ᠲᠦᠷᠭᠡᠨ ᠲᠡᠰᠢᠯᠲᠡ᠂ ᠴᠢᠯᠦᠭᠡᠲᠦ ᠮᠠᠶ᠋ᠢᠭ ᠤᠨ ᠴᠡᠨᠡᠯᠡᠯᠲᠡ ᠶᠢᠨ ᠬᠡᠢ ᠳᠡᠭᠡᠷᠡᠬᠢ ᠤᠷ᠎ᠠ ᠮᠡᠷᠭᠡᠵᠢᠯ ᠵᠡᠷᠭᠡ ᠤᠷᠤᠯᠳᠤᠭᠠᠨ ᠳᠤ ᠬᠠᠮᠤᠭ ᠳᠣᠣᠷ᠎ᠠ ᠬᠢᠷᠢ ᠪᠦᠲᠦᠮᠵᠢ ᠪᠤᠶᠤ ᠬᠦᠴᠢᠷ ᠤᠨ ᠪᠠᠷᠢᠮᠵᠢᠶ᠎ᠠ ᠶᠢ ᠲᠣᠭᠲᠠᠭᠠᠵᠤ᠂ ᠪᠠᠷᠢᠮᠵᠢᠶ᠎ᠠ ᠳᠤ ᠬᠦᠷᠦᠭᠰᠡᠨ ᠪᠥᠭᠡᠳ ᠬᠢᠷᠢ ᠬᠡᠮ ᠣᠯᠣᠭᠰᠠᠨ ᠲᠠᠮᠢᠷᠴᠢᠨ ᠰᠠᠶ᠋ᠢ ᠰᠢᠢᠳᠪᠦᠷᠢᠲᠦ ᠤᠷᠤᠯᠳᠤᠭᠠᠨ ᠳᠤ ᠣᠷᠣᠯᠴᠠᠵᠤ ᠪᠣᠯᠣᠨ᠎ᠠ᠃ ᠡᠭᠦᠨ ᠤ ᠬᠠᠮᠳᠦ᠂ ᠲᠣᠰ ᠤᠳᠠᠭᠠᠨ ᠤ ᠤᠷᠤᠯᠳᠤᠭᠠᠨ ᠳᠤ ᠬᠥᠭᠡᠷᠦᠭᠦᠯᠬᠦ ᠡᠮ ᠢ ᠡᠰᠡᠷᠭᠦᠴᠡᠬᠦ ᠮᠡᠳᠡᠯᠭᠡ ᠶᠢᠨ ᠰᠢᠯᠭᠠᠯᠲᠠ ᠶᠢ ᠠᠩᠬ᠎ᠠ ᠤᠳᠠᠭ᠎ᠠ ᠬᠢᠵᠦ᠂ ᠰᠢᠯᠭᠠᠯᠲᠠ ᠳᠤ ᠬᠢᠷᠢ ᠲᠡᠩᠴᠡᠭᠰᠡᠨ ᠲᠠᠮᠢᠷᠴᠢᠨ ᠰᠠᠶ᠋ᠢ ᠤᠷᠤᠯᠳᠤᠭᠠᠨ ᠳᠤ ᠣᠷᠣᠯᠴᠠᠵᠤ᠂ ᠡᠯ᠎ᠡ ᠨᠢᠭᠡᠴᠡ ᠶᠢᠨ ᠬᠥᠭᠡᠷᠦᠭᠦᠯᠬᠦ ᠡᠮ ᠢ ᠡᠰᠡᠷᠭᠦᠴᠡᠬᠦ ᠠᠵᠢᠯ ᠢ ᠴᠢᠩᠭ᠎ᠠ ᠠᠳᠬᠤᠵᠤ ᠪᠣᠳᠠᠲᠠᠢ ᠪᠠᠷ ᠠᠳᠬᠤᠬᠤ ᠤᠬᠠᠮᠰᠠᠷᠲᠤ ᠴᠢᠨᠠᠷ ᠢ ᠦᠨᠡᠨ ᠬᠦ  ᠴᠢᠩᠭᠠᠷᠠᠭᠤᠯᠬᠤ ᠪᠤᠯᠤᠨ᠎ᠡ᠃

ᠢᠷᠡᠯᠳᠡ : 

 ᠲᠣᠰ ᠰᠦᠯᠵᠢᠶ᠎ᠡ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ