1.jpg

2 ᠰᠠᠷ᠎ᠠ ᠶᠢᠨ 17 ᠤ ᠡᠳᠦᠷ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠡᠬᠢᠯᠡᠬᠦ ᠪᠤᠯᠳᠡᠯᠡᠬᠢ ᠰᠡᠭᠦᠯᠴᠢ ᠶᠢᠨ ᠨᠢᠭᠡ ᠵᠢᠯ ᠢ ᠲᠣᠩᠭᠤᠷᠤᠤ ᠲᠣᠭᠠᠯᠠᠬᠤ  ᠠᠵᠢᠯᠯᠠᠭ᠎ᠠ ᠬᠥᠯᠥᠨ ᠪᠤᠶᠢᠷ ᠬᠤᠲᠠ ᠳᠤ ᠶᠠᠪᠤᠭᠳᠠᠪᠠ᠃ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠳᠡᠳ᠋ ᠳᠠᠷᠤᠭ᠎ᠠ ᠯᠢ ᠶᠢᠩ ᠴᠤᠸᠠᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠤᠤ ᠶᠦᠩ ᠪᠥᠸᠧ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠡᠬᠢᠯᠡᠬᠦ ᠪᠤᠯᠳᠡᠯᠡᠬᠢ ᠰᠡᠭᠦᠯᠴᠢ ᠶᠢᠨ ᠨᠢᠭᠡ ᠵᠢᠯ ᠢ  ᠲᠤᠩᠭᠤᠷᠤᠤ ᠲᠤᠭᠠᠯᠠᠬᠤ ᠭᠤᠣᠯ ᠰᠡᠳᠦᠪᠲᠦ ᠲᠣᠨᠣᠭᠯᠠᠯ ᠢ ᠬᠠᠮᠲᠤ ᠪᠠᠷ ᠲᠠᠷᠤᠵᠦ ᠡᠬᠢᠯᠡᠭᠦᠯᠪᠡ᠃     

ᠤᠯᠠᠭᠠᠨᠬᠠᠳᠠ ᠬᠤᠳᠠ᠂ ᠤᠯᠠᠭᠠᠨᠴᠠᠪ ᠬᠤᠳᠠ᠂ ᠶᠠᠭᠰᠢ ᠬᠤᠳᠠ᠂ ᠵᠠᠯᠠᠨ ᠠᠶᠢᠯ ᠬᠤᠳᠠ ᠵᠡᠷᠭᠡ ᠲᠦᠷᠪᠡᠨ ᠤᠷᠤᠯᠳᠤᠭᠠᠨ ᠤ ᠲᠣᠭᠤᠷᠢᠭ ᠲᠤ ᠨᠢᠭᠡ ᠵᠢᠯ ᠤᠨ ᠤᠢ ᠶᠢ ᠲᠣᠩᠭᠤᠷᠤᠤ ᠲᠣᠭᠠᠯᠠᠬᠤ ᠠᠵᠢᠯᠯᠠᠭ᠎ᠠ ᠶᠢ ᠵᠡᠷᠭᠡᠪᠡᠷ ᠶᠠᠪᠤᠭᠳᠠᠭᠤᠯᠵᠤ᠂ ᠤᠯᠠᠨ ᠲᠦᠮᠡᠨᠴᠢ ᠴᠢᠨᠠᠷᠲᠠᠢ ᠮᠥᠰᠥ ᠴᠠᠰᠤᠨ ᠤ ᠤᠷᠤᠯᠳᠤᠭᠠᠨ ᠤ ᠠᠵᠢᠯᠯᠠᠭ᠎ᠠ ᠶᠢ ᠳᠡᠯᠭᠡᠨ ᠦᠵᠡᠭᠦᠯᠬᠦ ᠪᠠᠷ ᠳᠠᠮᠵᠢᠭᠤᠯᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠠᠵᠢᠯᠯᠠᠭ᠎ᠠ ᠳᠤ ᠬᠦᠴᠦ ᠨᠡᠮᠡᠷᠢᠯᠡᠵᠦ᠂ ᠦᠷᠨᠢᠭᠦᠨ ᠬᠦᠭᠵᠢᠭᠦᠨ ᠠᠭᠤᠷ ᠠᠮᠢᠰᠬᠤᠯ ᠢ ᠪᠤᠢ ᠪᠣᠯᠭᠠᠪᠠ᠃     

ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶᠠᠨ ᠤ ᠤᠬᠠᠭᠤᠯᠬᠤ ᠵᠤᠷᠭᠠᠨ ᠤ ᠳᠠᠷᠤᠭ᠎ᠠ ᠭᠤᠣ ᠴᠤᠤ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠥᠷᠢᠰᠦᠯᠳᠦᠭᠡᠨ ᠤ ᠪᠡᠶ᠎ᠡ ᠶᠢᠨ ᠲᠠᠮᠢᠷ ᠤᠨ ᠵᠤᠷᠭᠠᠨ ᠤ ᠳᠡᠳ᠋ ᠳᠠᠷᠤᠭ᠎ᠠ ᠳ᠋ᠢᠩ ᠲᠤᠸ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠪ ᠤᠨ ᠳᠡᠳ᠋ ᠡᠷᠬᠢᠯᠡᠭᠴᠢ ᠶᠠᠨ ᠰᠢᠶᠣᠣ ᠵᠢᠤᠸᠠᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠵᠧᠩ ᠢᠦᠢ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠵᠢᠢ ᠶᠦᠩ ᠴᠢᠶᠠᠨ ᠵᠡᠷᠭᠡ ᠬᠠᠮᠢᠶ᠎ᠠ ᠪᠦᠬᠦᠢ ᠨᠥᠬᠦᠳ ᠠᠵᠢᠯᠯᠠᠭ᠎ᠠ ᠳᠤ ᠣᠷᠣᠯᠴᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠠᠷᠤᠭ᠎ᠠ ᠳ᠋ᠦ᠋ ᠪᠦᠸᠧ ᠵᠢᠶᠦ᠋ᠨ ᠡᠬᠢᠯᠡᠯᠳᠡ ᠶᠢᠨ ᠶᠤᠰᠤᠯᠠᠯ ᠢ ᠡᠷᠬᠢᠯᠡᠪᠡ᠃


ᠢᠷᠡᠯᠳᠡ : 

ᠲᠤᠰ ᠰᠦᠯᠵᠢᠶ᠎ᠡ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ