2023 ᠣᠨ ᠤ ᠵᠢᠦᠳᠣᠣ ᠶᠢᠨ ᠧᠦ᠋ᠷᠣᠫᠠ ᠲᠢᠪ ᠦᠨ ᠢᠯᠡ ᠤᠷᠤᠯᠳᠤᠭᠠᠨ ᠤ ᠫᠣᠯᠠᠨᠳ᠋ ᠥᠷᠲᠡᠭᠡ  ᠶᠢᠨ  ᠤᠷᠤᠯᠳᠤᠭᠠᠨ ᠪᠡᠭᠡᠵᠢᠩ ᠦᠨ ᠴᠠᠭ ᠢᠶᠠᠷ 2 ᠰᠠᠷ᠎ᠠ ᠶᠢᠨ 27 ᠤ ᠡᠳᠦᠷ ᠥᠨᠳᠥᠷᠯᠡᠵᠦ ᠂ ᠳᠤᠮᠳᠠᠳᠤ ᠤᠯᠤᠰ ᠤᠨ ᠵᠢᠦᠳᠣᠣ ᠶᠢᠨ ᠠᠩᠭᠢ 2 ᠠᠯᠲᠠᠨ ᠮᠧᠳᠠᠯ 1 ᠮᠥᠩᠭᠥᠨ ᠮᠧᠳᠠᠯ 6 ᠬᠦᠷᠡᠯ ᠮᠧᠳᠠᠯ ᠣᠯᠵᠤ ᠂ ᠡᠨᠡ ᠵᠢᠯ ᠦᠨ ᠠᠩᠬᠠᠨ ᠤ ᠣᠯᠠᠨ ᠤᠯᠤᠰ ᠤᠨ ᠤᠷᠤᠯᠳᠤᠭᠠᠨ ᠳᠤ  ᠰᠠᠢ᠌ᠢᠨ ᠬᠢᠷᠢ ᠪᠦᠳᠦᠮᠵᠢ  ᠤᠯᠵᠠᠢ᠃

ᠵᠢᠦᠳᠣᠣ ᠶᠢᠨ ᠧᠦ᠋ᠷᠣᠫᠠ ᠲᠢᠪ ᠦᠨ ᠢᠯᠡ ᠤᠷᠤᠯᠳᠤᠭᠠᠨ ᠤ ᠫᠤᠯᠠᠨᠳ᠋ ᠦᠷᠳᠡᠭᠡ ᠶᠢᠨ ᠤᠷᠤᠯᠳᠤᠭᠠᠨ ᠲᠤᠬᠠᠶ ᠶᠢᠨ ᠭᠠᠵᠠᠷ ᠤᠨ ᠴᠠᠭ ᠢᠶᠠᠷ 2 ᠰᠠᠷ᠎ᠠ ᠶᠢᠨ 26 ᠤ ᠡᠳᠦᠷ ᠡᠴᠡ 27 ᠤ ᠡᠳᠦᠷ ᠪᠣᠯᠲᠠᠯ᠎ᠠ ᠸᠠᠷᠱᠠᠸᠠ ᠳᠤ ᠶᠠᠪᠤᠭᠳᠠᠵᠤ ᠂ 43 ᠤᠯᠤᠰ ᠪᠠ ᠭᠠᠵᠠᠷ ᠣᠷᠣᠨ ᠠᠴᠠ ᠢᠷᠡᠭᠰᠡᠨ 429 ᠲᠠᠮᠢᠷᠴᠢᠨ ᠤᠷᠤᠯᠳᠤᠭᠠᠨ ᠳᠤ ᠣᠷᠣᠯᠴᠠᠵᠠᠶ ᠃ ᠲᠤᠰ ᠤᠳᠠᠭᠠᠨ ᠤ ᠤᠷᠤᠯᠳᠤᠭᠠᠨ ᠳᠤ ᠂ ᠳᠤᠮᠳᠠᠳᠤ ᠤᠯᠤᠰ ᠤᠨ ᠵᠢᠦᠳᠣᠣ ᠶᠢᠨ ᠠᠩᠭᠢ 17 ᠲᠠᠮᠢᠷᠴᠢᠨ ᠲᠣᠮᠢᠯᠠᠨ ᠡᠮᠡᠭᠲᠡᠶ ᠶᠢᠨ ᠪᠤᠶ ᠪᠦᠬᠦᠢ 7 ᠳᠡᠰ ᠤᠨ ᠤᠷᠤᠯᠳᠤᠭᠠᠨ ᠳᠤ ᠣᠷᠣᠯᠴᠠᠭᠤᠯᠵᠠᠶ ᠃


ᠢᠷᠡᠯᠳᠡ : 

 ᠲᠤᠰ ᠰᠦᠯᠵᠢᠶ᠎ᠡ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ