ᠲᠦᠷᠦᠭᠦᠬᠡᠨ ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ᠠᠴᠠ 《ᠣᠳᠣᠬᠠᠨ ᠤ ᠬᠢᠵᠢᠭ ᠤᠨ ᠪᠠᠶᠢᠳᠠᠯ  ᠳᠣᠣᠷᠠᠬᠢ  ᠰᠤᠷᠭᠠᠭᠤᠯᠢ ᠶᠢᠨ  ᠪᠡᠶ᠎ᠡ ᠶᠢᠨ  ᠲᠠᠮᠢᠷ ᠤᠨ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ》 (ᠳᠣᠷᠣᠭᠰᠢ《ᠮᠡᠳᠡᠭᠳᠡᠯ》 ᠭᠡᠵᠦ ᠲᠣᠪᠴᠢᠯᠠᠨ᠎ᠠ)   ᠢ ᠨᠡᠶᠢᠲᠡᠯᠡᠵᠦ᠂ ᠪᠡᠶ᠎ᠡ ᠶᠢᠨ ᠲᠠᠮᠢᠷ ᠤᠨ ᠵᠢᠭᠠᠨ ᠰᠤᠷᠭᠠᠯᠲᠠ ᠶᠢᠨ ᠠᠵᠢᠯᠯᠠᠭ᠎ᠠ ᠶᠢ ᠳᠤᠷ᠎ᠠ ᠪᠠᠷ ᠢᠶᠠᠨ ᠵᠣᠭᠰᠣᠭᠠᠵᠤ ᠪᠣᠯᠬᠤ ᠦᠭᠡᠢ᠂ ᠰᠤᠷᠭᠠᠨ ᠬᠥᠮᠦᠵᠢᠯ ᠤᠨ ᠶᠠᠰᠤ ᠴᠢᠨᠠᠷ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃

《ᠮᠡᠳᠡᠭᠳᠡᠯ》 ᠳᠤ᠂ ᠣᠳᠣᠬᠠᠨ ᠤ ᠬᠢᠵᠢᠭ ᠤᠨ ᠪᠠᠶᠢᠳᠠᠯ ᠳᠣᠣᠷ᠎ᠠ᠂ ᠡᠷᠡᠭᠦᠯ ᠮᠡᠨᠳᠦ ᠶᠢ ᠲᠡᠷᠢᠭᠦᠨ ᠳᠤ ᠲᠠᠯᠪᠢᠬᠤ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠢ ᠪᠠᠷᠢᠮᠲᠠᠯᠠᠨ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠠᠵᠢᠯ ᠢ ᠯᠠᠪᠳᠠᠭᠤᠨ ᠪᠥᠭᠡᠳ ᠡᠮᠬᠢ ᠵᠢᠷᠤᠮ ᠲᠠᠢ ᠥᠷᠨᠢᠭᠦᠯᠬᠦ ᠨᠢ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠬᠦ᠂ ᠵᠣᠪᠠᠨᠢᠬᠤ ᠰᠡᠳᠬᠢᠯᠭᠡ ᠶᠢ ᠨᠠᠮᠳᠠᠭᠤᠯᠬᠤ᠂ ᠶᠡᠷᠦᠩᠬᠡᠶᠢᠯᠡᠭᠰᠡᠨ ᠬᠡᠪ ᠴᠢᠨᠠᠷ ᠢ ᠴᠢᠩᠭᠠᠳᠬᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠰᠤᠷᠭᠠᠭᠤᠯᠢ ᠨᠤᠭᠤᠳ ᠰᠦᠯᠵᠢᠶᠡᠨ ᠭᠠᠳᠠᠨᠠᠬᠢ ᠵᠢᠭᠠᠨ ᠰᠤᠷᠭᠠᠯᠲᠠ ᠶᠢᠨ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂ ᠰᠤᠷᠤᠭᠴᠢᠳ ᠤᠨ ᠡᠷᠡᠭᠦᠯ ᠮᠡᠨᠳᠦ ᠶᠢᠨ ᠪᠠᠶᠢᠳᠠᠯ ᠪᠠ ᠰᠤᠷᠤᠯᠴᠠᠯᠭ᠎ᠠ ᠶᠢᠨ ᠪᠣᠳᠠᠲᠤ ᠪᠠᠶᠢᠳᠠᠯ ᠳᠤ ᠴᠢᠭᠯᠡᠭᠦᠯᠦᠨ᠂ ᠵᠢᠭᠠᠨ ᠰᠤᠷᠭᠠᠯᠲᠠ ᠶᠢᠨ ᠠᠬᠢᠴᠠ ᠶᠢ ᠵᠦᠢ ᠵᠣᠬᠢᠰᠲᠠᠢ ᠲᠣᠬᠢᠷᠠᠭᠤᠯᠵᠤ᠂ ᠪᠡᠶ᠎ᠡ ᠶᠢᠨ ᠲᠠᠮᠢᠷ ᠤᠨ ᠵᠢᠭᠠᠨ ᠰᠤᠷᠭᠠᠯᠲᠠ ᠶᠢᠨ ᠠᠵᠢᠯᠯᠠᠭ᠎ᠠ ᠶᠢ ᠳᠤᠷ᠎ᠠ ᠪᠠᠷ ᠢᠶᠠᠨ ᠵᠣᠭᠰᠣᠭᠠᠵᠤ ᠪᠣᠯᠬᠤ ᠦᠭᠡᠢ᠂ ᠰᠤᠷᠭᠠᠨ ᠬᠥᠮᠦᠵᠢᠯ ᠤᠨ ᠶᠠᠰᠤ ᠴᠢᠨᠠᠷ ᠢ ᠦᠨᠡᠨ ᠬᠦ ᠪᠠᠳᠤᠯᠠᠬᠤ ᠭᠡᠷᠡᠭᠳᠡᠢ ᠭᠡᠵᠦ ᠲᠤᠷᠠᠳᠤᠪᠠ᠃

《ᠮᠡᠳᠡᠭᠳᠡᠯ》 ᠳᠤ᠂ ᠡᠯ᠎ᠡ ᠭᠠᠵᠠᠷ ᠡᠯ᠎ᠡ ᠰᠤᠷᠭᠠᠭᠤᠯᠢ ᠶᠢᠨ ᠬᠢᠨ ᠰᠣᠷᠣᠭᠴᠢ ᠶᠢᠨ ᠬᠡᠰᠡᠭ ᠬᠤᠭᠤᠴᠠᠭ᠎ᠠ ᠭᠡᠷ ᠲᠡᠭᠡᠨ ᠰᠠᠭᠤᠵᠤ  ᠰᠤᠷᠤᠯᠴᠠᠭᠰᠠᠨ ᠪᠠ ᠰᠢᠨ᠎ᠡ ᠲᠢᠳᠡᠮᠯᠢᠭ ᠸᠢᠷᠦ᠋ᠰ ᠤᠨ ᠬᠠᠯᠳᠠᠪᠤᠷᠢᠯᠠᠯ ᠤᠨ ᠡᠷᠡᠭᠦᠯᠵᠢᠬᠦ ᠬᠤᠭᠤᠴᠠᠭᠠᠨ ᠳᠠᠬᠢ ᠪᠡᠶ᠎ᠡ ᠮᠠᠬᠠᠪᠤᠳ ᠪᠠ ᠬᠥᠳᠡᠯᠭᠡᠭᠡᠨ ᠤ ᠤᠷ᠎ᠠ ᠴᠢᠳᠠᠪᠤᠷᠢ ᠶᠢᠨ ᠬᠤᠪᠢᠷᠠᠯᠲᠠ ᠶᠢᠨ ᠪᠠᠶᠢᠳᠠᠯ ᠳᠤ ᠴᠢᠭᠯᠡᠭᠦᠯᠦᠨ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠠᠵᠢᠯ ᠤᠨ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠬᠡᠷᠡᠭᠲᠡᠢ ᠭᠡᠵᠦ ᠱᠠᠭᠠᠷᠳᠠᠪᠠ᠃

《ᠮᠡᠳᠡᠭᠳᠡᠯ》 ᠳᠤ᠂ ᠪᠡᠶ᠎ᠡ ᠶᠢᠨ ᠲᠠᠮᠢᠷ ᠤᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠯᠡᠵᠦ᠂ ᠠᠯᠬᠤᠮ ᠳᠠᠷᠠᠭ᠎ᠠ ᠲᠠᠢ ᠪᠠᠷ ᠤᠷᠤᠭᠰᠢᠯᠠᠭᠤᠯᠬᠤ ᠬᠡᠷᠡᠭᠲᠡᠢ᠂ ᠰᠤᠷᠤᠭᠴᠢᠳ ᠤᠨ ᠪᠡᠶ᠎ᠡ ᠶᠢᠨ ᠪᠠᠶᠢᠳᠠᠯ ᠢ ᠦᠨᠳᠦᠰᠦᠯᠡᠨ ᠬᠦᠴᠢᠷ ᠤᠨ ᠬᠡᠮᠵᠢᠶ᠎ᠡ ᠶᠢ ᠵᠣᠬᠢᠰᠲᠠᠢ ᠪᠠᠭᠤᠷᠠᠭᠤᠯᠬᠤ ᠱᠠᠭᠠᠷᠳᠠᠯᠭ᠎ᠠ ᠶᠢ ᠦᠨᠳᠦᠰᠦᠯᠡᠨ᠂ ᠲᠡᠪᠡᠭ ᠢᠰᠬᠦᠯᠬᠦ᠂ ᠤᠳᠠᠭᠠᠨ ᠭᠦᠶᠦᠬᠦ᠂ ᠵᠡᠪᠰᠡᠭ ᠤᠨ ᠡᠷᠳᠡᠮ᠂ ᠪᠡᠶ᠎ᠡ ᠴᠢᠭᠢᠷᠠᠭᠵᠢᠭᠤᠯᠬᠤ ᠲᠠᠮᠢᠷ ᠪᠠ ᠪᠠᠭ᠎ᠠ ᠬᠦᠴᠦᠯᠡᠴᠡ ᠲᠠᠢ ᠪᠥᠮᠪᠥᠭᠡᠨ ᠲᠥᠷᠥᠯ ᠤᠨ ᠲᠠᠮᠢᠷ ᠤᠨ ᠬᠥᠳᠡᠯᠭᠡᠭᠡᠨ ᠵᠡᠷᠭᠡ ᠶᠢ ᠲᠣᠬᠢᠷᠠᠭᠤᠯᠬᠤ ᠶᠢ ᠵᠣᠷᠢᠭᠵᠢᠭᠤᠯᠬᠤ ᠶᠢᠨ ᠬᠠᠮᠲᠤ ᠰᠤᠷᠤᠭᠴᠢᠳ ᠤᠨ ᠪᠡᠶ᠎ᠡ ᠮᠠᠬᠠᠪᠤᠳ ᠪᠠ ᠲᠠᠮᠢᠷ ᠲᠡᠩᠬᠡᠭᠡ ᠶᠢᠨ ᠰᠡᠷᠭᠦᠯᠲᠡ ᠶᠢᠨ ᠪᠠᠶᠢᠳᠠᠯ ᠢ ᠦᠨᠳᠦᠰᠦᠯᠡᠨ ᠰᠤᠷᠤᠯᠭ᠎ᠠ ᠶᠢᠨ ᠡᠷᠴᠢᠮ ᠪᠠ ᠬᠦᠴᠢᠷ ᠤᠨ ᠬᠡᠮᠵᠢᠶ᠎ᠡ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠤᠷᠤᠯᠳᠤᠭᠠᠨ ᠳᠤ ᠰᠤᠷᠤᠭᠴᠢᠳ ᠤᠨ ᠪᠡᠶ᠎ᠡ ᠮᠠᠬᠠᠪᠤᠳ ᠤᠨ ᠡᠷᠡᠭᠦᠯᠵᠢᠯ ᠤᠨ ᠪᠠᠶᠢᠳᠠᠯ ᠢ ᠦᠨᠳᠦᠰᠦᠯᠡᠨ ᠵᠦᠷᠢᠶᠡᠴᠢᠯᠡᠭᠰᠡᠨ ᠲᠣᠬᠢᠷᠠᠭᠤᠯᠤᠯᠲᠠ ᠬᠢᠵᠦ᠂ ᠡᠮᠴᠢᠯᠡᠭᠡ ᠡᠷᠡᠭᠦᠯ ᠬᠠᠮᠠᠭᠠᠯᠠᠯ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠰᠤᠷᠭᠠᠭᠤᠯᠢ ᠡᠬᠢᠯᠡᠭᠡᠳ ᠬᠤᠶᠠᠷ ᠭᠠᠷᠠᠭ ᠤᠨ ᠳᠣᠲᠣᠷ᠎ᠠ ᠥᠨᠳᠥᠷ ᠬᠦᠴᠦᠯᠡᠴᠡ ᠲᠠᠢ᠂ ᠥᠨᠳᠥᠷ ᠡᠰᠡᠷᠭᠦᠴᠡᠯᠳᠦᠯ ᠲᠠᠢ ᠪᠡᠶ᠎ᠡ ᠶᠢᠨ ᠲᠠᠮᠢᠷ ᠤᠨ ᠤᠷᠤᠯᠳᠤᠭᠠᠨ ᠢ ᠵᠣᠬᠢᠶᠠᠨ ᠪᠠᠶᠢᠭᠤᠯᠬᠤ ᠨᠢ ᠲᠣᠬᠢᠷᠠᠮᠵᠢ ᠦᠭᠡᠢ ᠭᠡᠵᠦ ᠲᠤᠷᠠᠳᠤᠪᠠ᠃

《ᠮᠡᠳᠡᠭᠳᠡᠯ》 ᠳᠤ᠂ ᠡᠯ᠎ᠡ ᠭᠠᠵᠠᠷ ᠣᠷᠣᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠮᠤᠵᠢ ᠶᠢᠨ ᠱᠠᠲᠤᠨ ᠤ ᠨᠢᠭᠡᠳᠦᠯᠲᠡᠢ ᠲᠥᠯᠥᠪᠯᠡᠬᠦ᠂ ᠲᠤᠰᠬᠠᠢ ᠣᠷᠣᠨ ᠬᠤᠲᠠ ᠶᠢᠨ ᠵᠣᠬᠢᠶᠠᠨ ᠪᠠᠶᠢᠭᠤᠯᠵᠤ ᠬᠡᠷᠡᠭᠵᠢᠭᠦᠯᠬᠦ ᠠᠵᠢᠯ ᠤᠨ ᠰᠢᠰᠲ᠋ᠧᠮ ᠶᠣᠰᠣᠭᠠᠷ᠂ ᠲᠣᠰ ᠭᠠᠵᠠᠷ ᠣᠷᠣᠨ ᠤ ᠪᠡᠶ᠎ᠡ ᠶᠢᠨ ᠲᠠᠮᠢᠷ ᠤᠨ ᠰᠢᠯᠭᠠᠯᠲᠠ ᠶᠢᠨ ᠠᠵᠢᠯ ᠢ ᠰᠠᠶᠢᠲᠤᠷ ᠵᠣᠬᠢᠴᠠᠭᠤᠯᠤᠨ ᠲᠣᠬᠢᠷᠠᠭᠤᠯᠵᠤ᠂ ᠬᠠᠷᠢᠶᠠᠲᠤ ᠣᠷᠣᠨ ᠤ ᠰᠤᠷᠤᠭᠴᠢᠳ ᠤᠨ ᠰᠢᠨ᠎ᠡ ᠲᠢᠳᠡᠮᠯᠢᠭ ᠸᠢᠷᠦ᠋ᠰ ᠤᠨ ᠬᠠᠯᠳᠠᠪᠤᠷᠢᠯᠠᠯ ᠤᠨ ᠬᠠᠷᠢᠴᠠᠯ᠂ ᠬᠠᠯᠳᠠᠪᠤᠷᠢᠯᠠᠯ ᠤᠨ ᠣᠷᠭᠢᠯ ᠬᠤᠭᠤᠴᠠᠭ᠎ᠠ᠂ ᠬᠢᠵᠢᠭ ᠤᠨ ᠪᠠᠶᠢᠳᠠᠯ ᠤᠨ ᠬᠤᠪᠢᠷᠠᠯᠲᠠ ᠵᠢᠴᠢ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠵᠢᠭᠠᠨ ᠰᠤᠷᠭᠠᠯᠲᠠ ᠶᠢ ᠥᠷᠨᠢᠭᠦᠯᠦᠭᠰᠡᠨ ᠪᠠᠶᠢᠳᠠᠯ ᠵᠡᠷᠭᠡ ᠲᠠᠯ᠎ᠠ ᠲᠠᠢ ᠤᠶᠠᠯᠳᠤᠭᠤᠯᠤᠨ ᠶᠡᠷᠦᠩᠬᠡᠶᠢᠯᠡᠨ ᠰᠤᠳᠤᠯᠤᠨ ᠮᠠᠭᠠᠳᠯᠠᠵᠤ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠰᠢᠯᠭᠠᠯᠲᠠ ᠶᠢᠨ ᠴᠠᠭ᠂ ᠵᠣᠬᠢᠶᠠᠨ ᠪᠠᠶᠢᠭᠤᠯᠤᠯᠲᠠ ᠶᠢᠨ ᠬᠡᠯᠪᠡᠷᠢ᠂ ᠬᠢᠨᠠᠨ ᠰᠢᠯᠭᠠᠬᠤ ᠲᠥᠷᠥᠯ ᠵᠦᠢᠯ᠂ ᠰᠢᠯᠭᠠᠯᠲᠠ ᠶᠢᠨ ᠠᠷᠭ᠎ᠠ ᠮᠠᠶ᠋ᠢᠭ᠂ ᠬᠤᠪᠢ ᠣᠯᠭᠤᠬᠤ ᠠᠷᠭ᠎ᠠ ᠮᠠᠶ᠋ᠢᠭ ᠵᠡᠷᠭᠡ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠎ᠠ᠃ ᠶᠠᠪᠤᠴᠠ ᠶᠢᠨ ᠴᠢᠨᠠᠷᠲᠠᠢ ᠰᠢᠯᠭᠠᠨ ᠬᠢᠨᠠᠬᠤ ᠶᠢ ᠴᠢᠩᠭᠠᠳᠬᠠᠵᠤ᠂ ᠪᠣᠳᠠᠲᠤ ᠪᠠᠶᠢᠳᠠᠯ ᠢᠶᠠᠨ ᠦᠨᠳᠦᠰᠦᠯᠡᠨ ᠰᠢᠯᠭᠠᠨ ᠬᠢᠨᠠᠬᠤ ᠲᠥᠷᠥᠯ ᠵᠦᠢᠯ ᠳᠤ ᠵᠣᠬᠢᠰᠲᠠᠢ ᠲᠣᠬᠢᠷᠠᠭᠤᠯᠤᠯᠲᠠ ᠬᠢᠵᠦ ᠪᠣᠯᠣᠨ᠎ᠠ ᠭᠡᠵᠦ ᠱᠠᠭᠠᠷᠳᠠᠪᠠ᠃

《ᠮᠡᠳᠡᠭᠳᠡᠯ》 ᠳᠤ᠂ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠪᠠᠲᠤᠯᠠᠭ᠎ᠠ ᠶᠢᠨ ᠲᠣᠭᠲᠠᠴᠠ ᠶᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠡᠯᠡᠳᠬᠡᠯ ᠲᠥᠰᠥᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠢᠯᠭᠠᠯᠲᠠ ᠶᠢᠨ ᠠᠮᠤᠷ ᠲᠦᠪᠰᠢᠨ ᠲᠥᠪ ᠭᠤᠥᠯᠴᠢ ᠪᠠᠶᠢᠬᠤ ᠶᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠳᠡᠪᠰᠢᠬᠦ ᠪᠡᠶ᠎ᠡ ᠶᠢᠨ ᠲᠠᠮᠢᠷ ᠤᠨ ᠰᠢᠯᠭᠠᠯᠲᠠ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠪᠡᠶ᠎ᠡ ᠶᠢᠨ ᠲᠠᠮᠢᠷ ᠤᠨ ᠰᠢᠯᠭᠠᠯᠲᠠ᠂ 《ᠰᠠᠭᠤᠷᠢ ᠶᠢ ᠴᠢᠩᠭᠠᠳᠬᠠᠬᠤ ᠲᠥᠯᠥᠪᠯᠡᠭᠡ》 ᠶᠢᠨ ᠪᠡᠶ᠎ᠡ ᠮᠠᠬᠠᠪᠤᠳ ᠤᠨ ᠡᠷᠡᠭᠦᠯ ᠮᠡᠨᠳᠦ ᠶᠢᠨ ᠰᠢᠯᠭᠠᠯᠲᠠ ᠵᠡᠷᠭᠡ ᠵᠣᠬᠢᠶᠠᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠭᠡᠵᠦ ᠳᠤᠷᠠᠳᠤᠨ ᠭᠠᠷᠭᠠᠵᠠᠢ᠃ 


ᠢᠷᠡᠯᠳᠡ : 

 ᠲᠤᠰ ᠰᠦᠯᠵᠢᠶ᠎ᠡ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ