3 ᠰᠠᠷ᠎ᠠ ᠶᠢᠨ 2 ᠤᠨ ᠡᠳᠦᠷ᠂ ᠸᠠᠩ ᠯᠢ ᠰᠢᠶᠠ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠪᠡᠯᠡᠳᠬᠡᠯ ᠺᠣᠮᠢᠰ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠠᠷᠠᠭᠠᠴᠢ ᠶᠢᠨ ᠱᠠᠲᠤᠨ ᠤ ᠠᠵᠢᠯ ᠢᠶᠠᠨ ᠰᠤᠳᠤᠯᠤᠨ ᠪᠠᠶᠢᠷᠢᠯᠠᠭᠤᠯᠪᠠ᠃    

ᠸᠠᠩ ᠯᠢ ᠰᠢᠶᠠ᠂ ᠠᠷᠪᠠᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠪᠤᠯ ᠪᠡᠭᠡᠵᠢᠩ ᠤᠨ ᠡᠪᠦᠯ ᠤᠨ ᠤᠯᠠᠷᠢᠯ ᠤᠨ ᠤᠯᠢᠮᠫᠢᠺ ᠤᠨ  ᠲᠠᠮᠢᠷ ᠤᠨ ᠴᠤᠭᠯᠠᠭᠠᠨ ᠠᠴᠠ ᠰᠡᠭᠦᠯᠡᠷ ᠠᠩᠬ᠎ᠠ ᠤᠳᠠᠭ᠎ᠠ ᠡᠷᠬᠢᠯᠡᠭᠰᠡᠨ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠪᠣᠯᠣᠨ᠎ᠠ᠂ ᠥᠪᠥᠷ ᠮᠣᠩᠭᠤᠯ ᠤᠨ ᠡᠭᠦᠷᠭᠡᠯᠡᠵᠦ ᠪᠠᠶᠢᠭ᠎ᠠ ᠴᠢᠬᠤᠯᠠ ᠬᠠᠷᠢᠭᠤᠴᠠᠯᠭ᠎ᠠ᠂ ᠴᠢᠬᠤᠯᠠ ᠶᠡᠭᠡ ᠡᠭᠦᠷᠭᠡ ᠪᠣᠯᠣᠨ᠎ᠠ᠃ ᠲᠠᠭᠠᠭᠠᠴᠢᠯᠠᠨ ᠡᠷᠬᠢᠯᠡᠭᠴᠢ ᠶᠢᠨ ᠠᠵᠢᠯ ᠢ ᠰᠠᠶᠢᠳᠤᠷ ᠬᠦᠢᠴᠡᠳᠬᠡᠵᠦ᠂ ᠪᠡᠭᠡᠵᠢᠩ ᠤᠨ ᠡᠪᠦᠯ  ᠤᠨ ᠤᠯᠠᠷᠢᠯ ᠤᠨ ᠤᠯᠢᠮᠫᠢᠺ ᠤᠨ ᠴᠤᠭᠯᠠᠭᠠᠨ ᠢᠶᠠᠷ ᠪᠠᠷᠢᠮᠵᠢᠶᠠᠯᠠᠵᠤ᠂  ᠤᠷᠤᠨ ᠲᠠᠶᠠᠭᠠᠷ ᠤᠨ ᠬᠦᠴᠦᠨ ᠢ ᠲᠠᠶᠢᠴᠢᠯᠠᠵᠦ᠂ ᠠᠷᠪᠠᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠲᠡᠷᠢᠭᠦᠨ ᠵᠡᠷᠭᠡ ᠶᠢᠨ᠂ ᠥᠪᠡᠷᠮᠢᠴᠡ ᠣᠨᠴᠠᠯᠢᠭ ᠲᠠᠢ᠂ ᠲᠡᠭᠦᠰ ᠠᠮᠵᠢᠯᠲᠠ ᠲᠠᠢ ᠡᠷᠬᠢᠯᠡᠬᠦ ᠬᠡᠷᠡᠭᠲᠡᠢ᠃ ᠤᠳᠤ ᠰᠢᠪᠳᠤᠯᠤᠯᠳᠠ ᠶᠢᠨ ᠱᠠᠳᠤᠨ ᠳᠤ ᠣᠷᠣᠵᠤ᠂ ᠠᠵᠢᠯ ᠢᠶᠠᠨ ᠬᠤᠨᠤᠭ ᠲᠣᠭᠠᠯᠠᠨ ᠴᠠᠭ ᠲᠤᠬᠳᠠᠭᠠᠵᠤ ᠥᠷᠨᠢᠭᠦᠯᠬᠦ ᠭᠡᠷᠡᠭᠳᠡᠢ᠃ ᠠᠮᠤᠷ ᠲᠦᠪᠰᠢᠨ ᠢᠶᠠᠷ ᠤᠷᠤᠯᠳᠤᠭᠠᠨ ᠢ ᠡᠷᠭᠢᠯᠡᠵᠦ᠂  ᠤᠷᠤᠯᠳᠤᠭᠠᠨ ᠤ ᠶᠠᠪᠤᠳᠠᠯ ᠤᠨ ᠠᠮᠤᠷ ᠲᠦᠪᠰᠢᠨ᠂ ᠬᠥᠮᠦᠰ ᠤᠨ ᠠᠮᠤᠷ ᠲᠦᠪᠰᠢᠨ᠂ ᠣᠷᠴᠢᠨ ᠲᠤᠭᠤᠷᠢᠨ ᠤ ᠠᠮᠤᠷ ᠲᠦᠪᠰᠢᠨ ᠢ ᠪᠠᠲᠤᠯᠠᠬᠤ ᠬᠡᠷᠡᠭᠳᠡᠢ᠃ ᠤᠷᠤᠯᠳᠤᠭᠠᠨ ᠢ ᠭᠤᠶᠢᠳᠠ ᠰᠠᠶᠢᠬᠠᠨ ᠡᠷᠬᠢᠯᠡᠵᠦ᠂ ᠡᠬᠢᠯᠡᠬᠦ ᠶᠤᠰᠤᠯᠠᠯ ᠲᠡᠭᠦᠰᠭᠦ ᠶᠣᠰᠣᠯᠠᠯ᠂ ᠤᠷᠤᠯᠳᠤᠭᠠᠨ ᠤ ᠠᠵᠢᠯᠯᠠᠭ᠎ᠠ ᠵᠡᠷᠭᠡ ᠶᠢ ᠪᠠᠶᠠᠯᠢᠭ ᠠᠭᠤᠯᠭ᠎ᠠ ᠲᠠᠢ ᠶᠠᠪᠤᠬᠳᠠᠭᠤᠯᠵᠤ᠂ ᠪᠦᠬᠦ ᠶᠠᠪᠤᠴᠠ ᠳᠤ ᠪᠦᠬᠦ ᠲᠠᠯ᠎ᠠ ᠪᠠᠷ ᠭᠤᠢᠳᠠ ᠰᠠᠶᠢᠬᠠᠨ ᠢ ᠢᠯᠡᠷᠡᠬᠦᠯᠬᠦ ᠬᠡᠷᠡᠭᠳᠡᠢ᠃ ᠤᠷᠤᠯᠳᠤᠭᠠᠨ ᠢ ᠳᠥᠭᠦᠮ ᠠᠪᠰᠠᠷᠬᠠᠨ ᠡᠷᠬᠢᠯᠡᠵᠦ᠂ ᠨᠠᠷᠢᠨ ᠨᠢᠬᠳᠠ ᠤᠬᠠᠭᠠᠯᠠᠨ ᠲᠦᠯᠦᠪᠯᠡᠵᠤ᠂ ᠨᠠᠷᠢᠯᠢᠭ  ᠨᠡᠶᠢᠳᠠᠪᠤᠷᠢᠵᠢᠭᠤᠯᠵᠦ᠂ ᠨᠢᠮᠪᠠᠢ ᠦᠢᠯᠡᠴᠢᠯᠡᠵᠦ᠂ ᠪᠦᠷᠢᠯᠭᠡᠨ ᠰᠦᠢᠳᠭᠡᠵᠦ ᠪᠣᠯᠬᠤ ᠦᠭᠡᠢ᠃ ᠠᠷᠢᠭᠤᠨ  ᠴᠢᠭᠡᠴᠢ ᠪᠠᠷ ᠤᠷᠤᠯᠳᠤᠭᠠᠨ ᠢ ᠡᠷᠬᠢᠯᠡᠵᠦ᠂ ᠳᠦᠷᠢᠮ ᠲᠤᠭᠳᠠᠭᠠᠯ ᠲᠤᠭᠳᠠᠭᠠᠵᠦ᠂ ᠨᠢᠬᠡ ᠮᠦᠩᠬᠦ ᠵᠣᠭᠤᠰ ᠢ ᠬᠦᠷᠳᠡᠯ᠎ᠡ ᠴᠥᠮ ᠶᠣᠰᠣ ᠳᠦᠷᠢᠮ ᠲᠠᠢ ᠬᠡᠷᠡᠭᠯᠡᠵᠦ᠂ ᠴᠡᠪᠡᠷ ᠴᠢᠭᠡᠴᠢ ᠬᠡᠷᠡᠭᠯᠡᠬᠦ ᠶᠢ ᠦᠨᠡᠨ ᠬᠦ ᠪᠠᠲᠤᠯᠠᠬᠤ  ᠬᠡᠷᠡᠭᠳᠡᠢ ᠭᠡᠪᠡ᠃

ᠵᠧᠩ ᠬᠤᠩ ᠹᠠᠨ᠂ ᠵᠧᠩ ᠭᠤᠸᠠᠩ ᠵᠤᠤ᠂ ᠶᠤᠤ ᠶᠦᠩ ᠪᠥᠸᠧ ᠬᠤᠷᠠᠯ ᠳᠤ ᠤᠷᠤᠯᠴᠠᠪᠠ᠃

ᠢᠷᠡᠯᠳᠡ : 

ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ