6ef559ea-78ac-434c-b042-2bf74dad63b4.jpg

3 ᠰᠠᠷ᠎ᠠ ᠶᠢᠨ 7 ᠤ ᠡᠳᠦᠷ᠂ ᠬᠢᠵᠢᠭ ᠤᠨ ᠨᠦᠯᠦᠭᠡ ᠠᠴᠠ ᠪᠤᠯᠵᠦ ᠬᠤᠶᠢᠰᠢᠯᠠᠭᠤᠯᠤᠭᠰᠠᠨ 2022 ᠣᠨ ᠤ ᠪᠥᠬᠦ ᠤᠯᠤᠰ ᠤᠨ ᠡᠯ᠎ᠡ ᠱᠠᠲᠤᠨ ᠤ ᠡᠯ᠎ᠡ ᠲᠥᠷᠥᠯ ᠤᠨ ᠲᠠᠮᠢᠷ ᠤᠨ ᠰᠤᠷᠭᠠᠭᠤᠯᠢ ᠶᠢᠨ ᠰᠤᠷᠭᠠᠭᠴᠢ ᠶᠢᠨ ᠶᠡᠷᠦᠩᠬᠡᠶᠢᠯᠡᠭᠰᠡᠨ ᠮᠡᠳᠡᠯᠭᠡ ᠶᠢᠨ ᠰᠢᠨᠡᠴᠢᠯᠡᠯᠲᠡ ᠶᠢᠨ ᠡᠭᠡᠯᠵᠢᠯᠡᠨ ᠪᠣᠯᠪᠠᠰᠤᠷᠠᠭᠤᠯᠬᠤ ᠠᠩᠭᠢ (ᠠᠷᠪᠠᠨ ᠳᠥᠷᠪᠡᠳᠦᠭᠡᠷ ᠬᠤᠭᠤᠴᠠᠭ᠎ᠠ) ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠬᠢᠴᠢᠶᠡᠯ ᠡᠬᠢᠯᠡᠵᠦ᠂ ᠪᠥᠬᠦ ᠣᠷᠣᠨ ᠤ ᠡᠯ᠎ᠡ ᠱᠠᠲᠤᠨ ᠤ ᠡᠯ᠎ᠡ ᠲᠥᠷᠥᠯ ᠤᠨ ᠲᠠᠮᠢᠷ ᠤᠨ ᠰᠤᠷᠭᠠᠭᠤᠯᠢ ᠶᠢᠨ 110 ᠰᠤᠷᠭᠠᠭᠴᠢ 7 ᠡᠳᠦᠷ ᠤᠨ ᠬᠤᠭᠤᠴᠠᠭ᠎ᠠ ᠲᠠᠢ ᠪᠣᠯᠪᠠᠰᠤᠷᠠᠯ ᠳᠤ ᠣᠷᠤᠯᠴᠠᠬᠤ ᠪᠣᠯᠣᠨ᠎ᠠ᠃     

ᠲᠣᠰ ᠤᠳᠠᠭᠠᠨ ᠤ ᠪᠣᠯᠪᠠᠰᠤᠷᠠᠯ ᠤᠨ ᠬᠢᠴᠢᠶᠡᠯ ᠳᠤ ᠵᠠᠯᠠᠭᠤ ᠪᠠᠭᠠᠴᠤᠳ ᠲᠠᠮᠢᠷᠴᠢᠳ ᠤᠨ ᠪᠡᠶ᠎ᠡ ᠶᠢᠨ ᠴᠢᠳᠠᠪᠤᠷᠢ ᠶᠢᠨ ᠪᠣᠯᠪᠠᠰᠤᠷᠠᠯ ᠤᠨ ᠣᠨᠣᠯ᠂ ᠵᠠᠯᠠᠭᠤ ᠪᠠᠭᠠᠴᠤᠳ ᠲᠠᠮᠢᠷᠴᠢᠳ ᠤᠨ ᠪᠣᠯᠪᠠᠰᠤᠷᠠᠯ ᠤᠨ ᠵᠢᠭᠠᠨ ᠰᠤᠷᠭᠠᠬᠤ ᠬᠡᠪ ᠪᠣᠯᠪᠠᠰᠤᠷᠠᠯ᠂ ᠬᠡᠦᠬᠡᠳ ᠤᠨ ᠬᠥᠳᠡᠯᠭᠡᠭᠡᠨ ᠤ ᠬᠥᠭᠵᠢᠯᠲᠡ ᠬᠢᠭᠡᠳ ᠠᠩᠬᠠᠨ ᠤ ᠬᠤᠭᠤᠴᠠᠭᠠᠨ ᠤ ᠬᠥᠳᠡᠯᠭᠡᠭᠡᠨ ᠤ ᠳᠤᠷ᠎ᠠ ᠰᠣᠨᠢᠷᠬᠠᠯ ᠤᠨ ᠬᠥᠮᠦᠵᠢᠯ ᠵᠡᠷᠭᠡ 10 ᠲᠠᠯ᠎ᠠ ᠶᠢ ᠪᠠᠭᠳᠠᠭᠠᠪᠠ᠃ ᠲᠥᠪᠯᠡᠷᠡᠭᠦᠯᠦᠨ ᠪᠣᠯᠪᠠᠰᠤᠷᠠᠭᠤᠯᠬᠤ ᠪᠠᠷ ᠳᠠᠮᠵᠢᠭᠤᠯᠤᠨ᠂ ᠰᠤᠷᠤᠯᠴᠠᠬᠤ᠂ ᠨᠡᠪᠲᠡᠷᠡᠯᠴᠡᠬᠦ᠂ ᠰᠣᠯᠢᠯᠴᠠᠬᠤ ᠲᠠᠪᠴᠠᠩ ᠢ ᠪᠠᠶᠢᠭᠤᠯᠵᠤ᠂ ᠰᠤᠷᠭᠠᠭᠴᠢ ᠶᠢ ᠬᠠᠪᠰᠤᠷᠤᠨ ᠦᠵᠡᠯᠲᠡ ᠶᠢ ᠨᠢ ᠰᠢᠨᠡᠳᠬᠡᠵᠦ᠂ ᠰᠡᠳᠬᠢᠴᠡ ᠶᠢ ᠨᠢ ᠥᠷᠭᠡᠳᠬᠡᠨ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠪᠡᠯᠡᠳᠬᠡᠯ ᠴᠢᠳᠠᠪᠤᠷᠢᠲᠠᠨ ᠢ ᠬᠥᠮᠥᠵᠢᠭᠦᠯᠬᠦ ᠳᠤᠮᠳᠠᠬᠢ ᠦᠨᠳᠦᠰᠦᠨ ᠱᠠᠲᠤᠨ ᠤ ᠰᠤᠷᠭᠠᠭᠴᠢ ᠶᠢᠨ ᠰᠠᠭᠤᠷᠢ ᠦᠢᠯᠡᠳᠦᠯ ᠢ ᠨᠠᠩ ᠰᠠᠶᠢᠲᠤᠷ ᠪᠠᠳᠠᠷᠠᠭᠤᠯᠬᠤ ᠪᠤᠯᠤᠨ᠎ᠡ᠃


ᠢᠷᠡᠯᠳᠡ : 

ᠲᠤᠰ ᠰᠦᠯᠵᠢᠶ᠎ᠡ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ