3 ᠰᠠᠷ᠎ᠠ ᠶᠢᠨ 24 ᠤ ᠡᠳᠤᠷ ᠪᠤᠯ 23 ᠋ᠳ᠋ᠡᠬᠢ ᠲᠡᠯᠡᠬᠡᠢ ᠶᠢᠨ ᠰᠦᠷᠢᠶ᠎ᠡ ᠡᠪᠡᠳᠴᠢᠨ ᠢ ᠰᠡᠷᠬᠡᠶᠢᠯᠡᠨ ᠵᠠᠰᠠᠬᠤ ᠡᠳᠤᠷ ᠪᠤᠯᠤᠨ᠎ᠠ᠂ ᠪᠡᠭᠡᠵᠢᠩ ᠤᠨ ᠡᠷᠡᠬᠦᠯ ᠬᠠᠮᠠᠭᠠᠯᠠᠯ ᠲᠦᠯᠦᠪᠯᠡᠬᠡᠳᠤ ᠦᠷᠡᠵᠢᠯ ᠤᠨ ᠬᠢᠨᠠᠨ ᠬᠠᠮᠢᠶᠠᠷᠬᠤ ᠪᠠᠶᠢᠭᠤᠯᠤᠮᠵᠢ ᠶᠢᠨ ᠵᠠᠷᠯᠠᠭᠰᠠᠨ ᠢᠶᠡᠷ᠂ ᠢᠷᠡᠭᠡᠳᠤᠷ ᠳᠤ ᠰᠦᠷᠢᠶ᠎ᠡ ᠡᠪᠡᠳᠴᠢᠨ ᠪᠠᠶᠢᠴᠠᠭᠠᠬᠤ ᠶᠢ ᠪᠡᠭᠡᠵᠢᠩ ᠬᠤᠳᠠ ᠶᠢᠨ ᠰᠢᠨ᠎ᠡ ᠰᠤᠷᠤᠭᠴᠢ  ᠰᠤᠷᠭᠠᠭᠤᠯᠢ ᠳᠤ ᠤᠷᠤᠬᠤ ᠪᠡᠶ᠎ᠡ ᠶᠢᠨ ᠰᠢᠯᠭᠠᠯᠳᠠ ᠶᠢᠨ ᠨᠢᠬᠡ ᠲᠦᠷᠦᠯ ᠪᠤᠯᠭᠠᠬᠤ ᠪᠡᠷ ᠪᠤᠢ᠃

 ᠨᠢᠳᠤᠨᠤᠨ᠂ ᠪᠡᠭᠡᠵᠢᠩ ᠬᠤᠳᠠ ᠶᠢᠨ ᠮᠡᠳᠡᠬᠦᠯᠦᠯᠳᠡ ᠳᠤ ᠠᠭᠤᠰᠬᠢᠨ ᠤ ᠰᠦᠷᠢᠶ᠎ᠡ ᠡᠪᠡᠳᠴᠢᠨ ᠳᠤ ᠨᠡᠷᠪᠡᠭ᠍ᠳᠡᠭ᠍ᠰᠡᠳ 7114  ᠳᠤ ᠬᠦᠷᠴᠦ᠂ ᠭᠡᠳᠡᠰᠦᠨ ᠤ ᠬᠠᠯᠳᠠᠪᠤᠷᠢᠳᠤ ᠡᠪᠡᠳᠴᠢᠨ ᠤ ᠲᠠᠷᠠᠭ᠎ᠠ ᠪᠠᠶᠢᠷᠢᠯᠠᠪᠠ᠃ 《ᠰᠦᠷᠢᠶ᠎ᠡ ᠡᠪᠡᠳᠴᠢᠨ ᠠᠮᠢᠰᠬᠤᠯ ᠢᠶᠡᠷ ᠬᠠᠯᠳᠠᠳᠠᠬ 》ᠬᠡᠵᠤ ᠪᠡᠭᠡᠵᠢᠩ ᠤᠨ ᠰᠦᠷᠢᠶ᠎ᠡ ᠡᠪᠡᠳᠴᠢᠨ ᠰᠤᠳᠤᠯᠬᠤ ᠡᠮᠨᠡᠯᠬᠡ ᠶᠢᠨ ᠡᠷᠬᠢᠯᠡᠭᠴᠢ ᠭᠤᠤ ᡁᠢ ᠳ᠋ᠦᠩ ᠲᠠᠨᠢᠯᠴᠠᠭᠤᠯᠪᠠ᠂ ᠬᠦᠮᠦᠨ ᠬᠠᠷ᠎ᠠ ᠲᠦᠪᠯᠡᠷᠡᠭᠰᠡᠨ ᠭᠠᠵᠠᠷ ᠲᠤ ᠬᠡᠷᠪᠡ ᠬᠠᠯᠳᠠᠪᠤᠷᠢᠳᠤ ᠴᠢᠨᠠᠷᠳᠠᠢ ᠠᠭᠤᠰᠬᠢᠨ ᠤ ᠰᠦᠷᠢᠶ᠎ᠡ ᠡᠪᠡᠳᠴᠢᠨ ᠲᠠᠢ ᠬᠦᠮᠦᠨ ᠤᠳᠠᠭᠠᠨ ᠰᠠᠭᠠᠳᠠᠪᠠᠯ᠂ ᠤᠯᠠᠨ ᠬᠦᠮᠦᠨ ᠳᠤ ᠰᠦᠷᠢᠶ᠎ᠡ ᠡᠪᠡᠳᠴᠢᠨ ᠬᠠᠯᠳᠠᠪᠤᠷᠢᠯᠠᠭᠤᠯᠬᠤ ᠠᠶᠤᠯ ᠲᠠᠢ᠃

 ᠰᠢᠨ᠎ᠡ ᠪᠡᠷ ᠲᠠᠷᠤᠮᠠᠯᠯᠠᠨ ᠲᠠᠷᠬᠠᠭᠠᠭᠰᠠᠨ《ᠰᠤᠷᠭᠠᠭᠤᠯᠢ ᠶᠢᠨ ᠬᠦᠷᠢᠶᠡᠨ ᠳᠤ ᠰᠦᠷᠢᠶ᠎ᠡ ᠡᠪᠡᠳᠴᠢᠨ ᠢ ᠰᠡᠷᠬᠡᠶᠢᠯᠡᠨ ᠡᠵᠡᠮᠳᠡᠬᠦ ᠠᠵᠢᠯ ᠤᠨ ᠲᠦᠷᠢᠮ》 ᠢ ᠦᠨᠳᠦᠰᠦᠯᠡᠪᠡᠯ᠂ ᠢᠷᠡᠭᠡᠳᠤᠢ ᠳᠤ ᠪᠡᠭᠡᠵᠢᠩ ᠬᠤᠳᠠ ᠶᠢᠨ ᠰᠤᠷᠭᠠᠭᠤᠯᠢ ᠪᠤᠯᠤᠨ ᠴᠡᠴᠡᠷᠯᠢᠭ᠌᠌ ᠰᠦᠷᠢᠶ᠎ᠡ ᠡᠪᠡᠳᠴᠢᠨ ᠢ ᠰᠡᠷᠬᠡᠶᠢᠯᠡᠨ ᠬᠤᠷᠢᠭᠯᠠᠬᠤ ᠠᠵᠢᠯ ᠢ ᠴᠢᠩᠭ᠋ᠠᠳᠬᠠᠨ᠎ᠠ᠂ ᠡᠬᠦᠨ ᠳᠤ ᠰᠤᠷᠭᠠᠭᠤᠯᠢ ᠶᠢᠨ ᠡᠳᠤᠷ ᠲᠤᠳᠤᠮ ᠤᠨ ᠰᠢᠯᠭᠠᠯᠳᠠ᠂ ᠡᠪᠡᠳᠴᠢᠨ  ᠶᠢᠡᠷ ᠬᠢᠴᠢᠶᠡᠯ ᠰᠠᠭᠠᠳᠠᠭᠰᠠᠨ ᠲᠡᠮᠳᠡᠭᠯᠡᠯ᠂ ᠡᠪᠡᠳᠴᠢᠨ ᠤ ᠪᠠᠶᠢᠳᠠᠯ ᠢ ᠤᠶᠢᠯᠠᠭᠠᠬᠤ ᠪᠤᠯᠤᠨ ᠲᠠᠬᠢᠨ ᠰᠢᠯᠭᠠᠬᠤ ᠵᠡᠷᠬᠡ ᠠᠵᠢᠯ ᠳᠤ ᠲᠤᠰᠬᠠᠢ ᠪᠠᠶᠢᠴᠠᠭᠠᠯᠲᠠ ᠬᠢᠬᠦ ᠶᠢᠨ ᠬᠠᠮᠳᠤ ᠰᠦᠷᠢᠶ᠎ᠡ ᠡᠪᠡᠳᠴᠢᠨ ᠢ ᠪᠠᠶᠢᠴᠠᠭᠠᠬᠤ ᠶᠢ ᠰᠤᠷᠭᠠᠭᠤᠯᠢ ᠶᠢᠨ ᠰᠢᠨ᠎ᠡ ᠰᠤᠷᠤᠭᠴᠢ  ᠪᠤᠯᠤᠨ ᠪᠠᠭᠰᠢ ᠠᠵᠢᠯᠳᠠᠳ  ᠤᠨ ᠪᠠᠶᠢᠩᠭ᠋ᠤ  ᠶᠢᠨ ᠠᠭᠤᠯᠭ᠎ᠠ ᠪᠤᠯᠭᠠᠬᠤ ᠬᠡᠷᠡᠭᠲᠡᠢ᠃


ᠢᠷᠡᠯᠳᠡ : 

ᠪᠡᠭᠡᠵᠢᠩ ᠤᠨ ᠡᠳᠤᠷ ᠤᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ