ᠡᠨᠡ ᠵᠢᠯ᠂ ᠲᠥᠩᠯᠢᠶᠤᠤ ᠬᠤᠲᠠ ︽ᠪᠥᠬᠦ ᠤᠷᠤᠨ ᠤ ᠵᠤᠭᠠᠴᠠᠯ︾ ᠤᠨ ᠪᠠᠶᠢᠯᠳᠤᠬᠤ ᠪᠤᠳᠤᠯᠭ᠎ᠠ ᠶᠢ ᠲᠤᠤᠱᠯᠠᠭᠤᠯᠵᠤ᠂ 《ᠤᠪᠤᠭᠠᠨ ᠳᠡᠭᠡᠷᠡᠬᠢ ᠠᠭᠤᠯᠵᠠᠯᠲᠠ ᠶᠢᠨ ᠭᠠᠵᠠᠷ — ᠲᠥᠩᠯᠢᠶᠤᠤ︾ ᠭᠡᠬᠦ ᠬᠥᠭᠵᠢᠯᠲᠠ ᠶᠢᠨ ᠪᠠᠶᠢᠷᠢ ᠲᠤᠬᠳᠠᠭᠠᠯᠲᠠ  ᠶᠢᠨ ᠲᠤᠭᠤᠷᠢᠨ ᠳᠤ ︽ᠨᠢᠭᠡ ᠪᠥᠰᠡ ᠨᠢᠭᠡ ᠵᠠᠮ︾ ᠤᠨ ᠲᠠᠯ᠎ᠠ ᠨᠤᠲᠤᠬ ᠤᠨ ᠨᠡᠷᠡᠳᠤ ᠬᠤᠲᠠ ᠶᠢ ᠪᠠᠶᠢᠭᠤᠯᠬᠤ ᠳᠤ ᠬᠥᠴᠥ ᠨᠡᠮᠡᠷᠢᠯᠡᠬᠦ   ᠶᠢᠨ ᠲᠥᠯᠥᠭᠡ᠂ 84 ᠵᠥᠢᠯ ᠤᠨ ᠰᠤᠶᠤᠯ ᠵᠤᠭᠠᠴᠠᠯ ᠪᠡᠶ᠎ᠡ ᠶᠢᠨ ᠲᠠᠮᠢᠷ ᠤᠨ ᠰᠢᠷᠢᠰ ᠠᠵᠢᠯᠯᠠᠭ᠎ᠠ ᠪᠠ 10 ︽ᠴᠡᠴᠡᠭ ᠤᠨ ᠤᠯᠠᠷᠢᠯ  ᠤᠨ ᠵᠤᠭᠠᠴᠠᠯ︾ ᠤᠨ ᠠᠵᠢᠯᠯᠠᠭ᠎ᠠ ᠥᠷᠨᠢᠭᠦᠯᠬᠦ ᠪᠠᠷ ᠪᠠᠶᠢᠨ᠎ᠠ᠃

 ᠥᠢᠯᠠᠭᠠᠬᠰᠠᠨ ᠢᠶᠠᠷ᠂ ︽2018 ᠤᠨ ᠤ ᠰᠤᠶᠤᠯ ᠵᠤᠭᠠᠴᠠᠯ ᠤᠨ ᠤᠯᠠᠷᠢᠯ︾ ᠤᠨ ᠠᠵᠢᠯᠯᠠᠭ᠎ᠠ ᠲᠥᠩᠯᠢᠶᠤᠤ ᠬᠤᠲᠠ  ᠶᠢᠨ ᠰᠢᠯᠢᠳᠡᠭ ᠰᠤᠶᠤᠯ ᠵᠤᠭᠠᠴᠠᠯ ᠤᠨ ᠡᠬᠢ ᠪᠠᠶᠠᠯᠢᠬ ᠢ ᠭᠥᠢᠴᠡᠳ ᠨᠠᠶᠢᠳᠭᠡᠵᠤ᠂ ᠥᠪ ᠵᠤᠵᠠᠭᠠᠨ ᠬᠤᠷᠴᠢᠨ ᠥᠨᠳᠥᠰᠥᠲᠠᠨ ᠤ ᠤᠯᠠᠮᠵᠢᠯᠠᠯᠳᠤ ᠰᠤᠶᠤᠯ ᠳᠤ ᠰᠠᠭᠤᠷᠢᠯᠠᠨ᠂ ᠬᠤᠷᠴᠢᠨ ᠤ 500 KM  ᠤᠨ  ᠵᠤᠭᠠᠴᠠᠯ ᠤᠨ ᠰᠤᠳᠤᠨ ᠱᠤᠭᠤᠮ ᠤᠨ ᠲᠤᠭᠤᠷᠢᠨ  ᠳᠤ ︽ᠨᠢᠭᠡ ᠪᠥᠰᠡ ᠨᠢᠭᠡ ᠵᠠᠮ︾ ᠤᠨ ᠤᠪᠤᠭᠠᠨ ᠳᠡᠭᠡᠷᠡᠭᠢ ᠠᠭᠤᠯᠵᠠᠯᠲᠠ ᠶᠢᠨ ᠭᠠᠵᠠᠷ ᠤᠨ ᠰᠢᠷᠢᠰ ᠭᠤᠤᠯ ᠰᠡᠳᠥᠪᠳᠤ ᠠᠵᠢᠯᠯᠠᠭ᠎ᠠ ᠂ ᠳᠥᠷᠪᠡᠳᠥᠭᠡᠷ ᠬᠤᠭᠤᠴᠠᠭᠠᠨ ᠤ ᠳᠤᠮᠳᠠᠳᠤ ᠤᠯᠤᠰ ᠤᠨ ᠤᠮᠠᠷᠠᠳᠤ ᠶᠢᠨ ᠬᠤᠪᠢ ᠶᠢᠨ ᠳᠡᠷᠭᠡ ᠪᠠᠷ ᠵᠤᠭᠠᠴᠠᠬᠤ ᠵᠤᠭᠠᠴᠠᠯ  ᠤᠨ ᠬᠥᠭᠵᠢᠯᠲᠠ ᠶᠢᠨ ᠲᠥᠷᠥᠭᠦᠴᠥᠳ ᠤᠨ ᠶᠠᠷᠢᠶᠠᠨ ᠤ ᠳᠠᠪᠴᠠᠩ ᠵᠢᠴᠢ ᠠᠽᠢᠶ᠎ᠠ ᠶᠢᠨ ᠪᠠ ᠬᠠ ᠬᠡᠬᠡᠷᠡᠯᠡᠬᠦ ᠤᠷᠤᠯᠳᠤᠭᠠᠨ᠂ ᠭᠤᠷᠪᠡᠳᠤᠭᠠᠷ ᠬᠤᠭᠤᠴᠠᠭᠠᠨ ᠤ ᠮᠤᠷᠤᠢ ᠶᠢᠨ ᠰᠥᠮ᠎ᠡ ᠤᠰᠤᠨ ᠴᠥᠬᠦᠷᠥᠮ ᠢ ᠲᠤᠭᠤᠷᠢᠬᠰᠠᠨ ᠲᠠᠯᠠᠬᠡᠢ ᠶᠢᠨ ᠵᠠᠰᠠᠮᠠᠯ ᠵᠠᠮ ᠤᠨ ᠳᠤᠭᠤᠢ ᠳᠡᠷᠭᠡᠨ ᠤ ᠤᠷᠤᠯᠳᠤᠭᠠᠨ᠂ ︽8.18︾ ᠤ ᠵᠢᠷᠢᠮ ᠤᠨ ᠮᠤᠷᠢᠨ ᠤᠷᠤᠯᠳᠤᠭᠠᠨ᠂ ᠲᠥᠩᠯᠢᠶᠤᠤ ᠬᠤᠲᠠ ᠶᠢᠨ ᠠᠩᠬᠠᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠡᠷᠡᠭᠦᠯ ᠮᠡᠨᠳᠦ ᠶᠢᠨ ᠲᠤᠮᠤ ᠴᠤᠬᠯᠠᠭᠠᠨ᠂ ᠠᠩᠬᠠᠳᠤᠭᠠᠷ ᠬᠤᠭᠤᠴᠠᠭᠠᠨ ᠤ ᠬᠤᠷᠴᠢᠨ ᠬᠤᠨᠳᠠᠭᠠᠳᠤ ᠪᠥᠬᠦ ᠤᠷᠤᠨ  ᠤ ᠬᠤᠷᠴᠢᠨ ᠠᠷᠠᠳ ᠤᠨ ᠳᠠᠭᠤᠤ ᠶᠢᠨ ᠳᠤᠮᠤ ᠤᠷᠤᠯᠳᠤᠭᠠᠨ ᠵᠡᠷᠭᠡ ᠶᠢ ᠪᠠᠭᠳᠠᠭᠠᠬᠰᠠᠨ 80 ᠭᠠᠷᠤᠢ ᠰᠤᠶᠤᠯ ᠵᠤᠭᠠᠴᠠᠯ ᠪᠡᠶ᠎ᠡ  ᠶᠢᠨ ᠲᠠᠮᠢᠷ ᠤᠨ ᠰᠢᠷᠢᠰ ᠠᠵᠢᠯᠯᠠᠭ᠎ᠠ ᠶᠢ ᠥᠷᠨᠢᠭᠦᠯᠬᠦ ᠪᠤᠯᠤᠨ᠎ᠠ᠃ ︽ᠴᠡᠴᠡᠭ ᠤᠨ ᠤᠯᠠᠷᠢᠯ ᠤᠨ ᠵᠤᠭᠠᠴᠠᠯ︾ ᠳᠤ ᠵᠠᠷᠤᠳ ᠬᠤᠰᠢᠭᠤᠨ  ᠤ ᠠᠩᠬᠠᠳᠤᠭᠠᠷ ᠬᠤᠭᠤᠴᠠᠭᠠᠨ ᠤ ᠬᠤᠷᠴᠠ ᠤᠯᠠᠭᠠᠨ ᠴᠠᠴᠡᠭ ᠤᠨ ᠰᠤᠶᠤᠯ ᠵᠤᠭᠠᠴᠠᠯ ᠤᠨ ᠨᠠᠶᠢᠷ᠂ ᠬᠤᠷᠴᠢᠨ ᠵᠡᠭᠦᠨ ᠭᠠᠷᠤᠨ ᠲᠤᠮᠳᠡᠳᠤ ᠬᠤᠰᠢᠭᠤᠨ ᠤ ᠢᠯᠠᠮ᠎ᠠ ᠳᠡᠭᠦᠬᠦ ᠨᠠᠶᠢᠷ᠂ ᠨᠠᠢᠮᠠᠨ ᠬᠤᠰᠢᠭᠤᠨ ᠤ ᠭᠤᠤᠯᠳᠤ ᠪᠤᠷᠤ ᠴᠡᠴᠡᠭ ᠤᠨ ᠨᠠᠶᠢᠷ᠂ ᠬᠤᠷᠴᠢᠨ ᠵᠡᠭᠦᠨ ᠭᠠᠷᠤᠨ ᠬᠤᠶᠢᠳᠤ ᠬᠤᠰᠢᠭᠤᠨ ᠤ ᠤᠳᠠᠨᠳᠠᠯ᠎ᠠ ᠶᠢᠨ ᠲᠡᠯᠡᠭᠡᠢ ᠶᠢᠨ ᠪᠠᠳᠤᠴᠠᠭᠠᠨ ᠤ ᠨᠠᠶᠢᠷ ᠵᠡᠷᠭᠡ ᠶᠢ ᠪᠠᠭᠳᠠᠭᠠᠬᠰᠠᠨ 10 ᠲᠤᠮᠤ ᠠᠵᠢᠯᠯᠠᠭ᠎ᠠ  ᠵᠢ ᠥᠷᠨᠢᠬᠦᠯᠬᠦ ᠪᠠᠷ ᠪᠠᠶᠢᠨ᠎ᠠ᠃


ᠢᠷᠡᠯᠳᠡ : 

ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎᠎ᠠ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ