5 ᠰᠠᠷ᠎ᠠ ᠶᠢᠨ 6 ᠤ ᠡᠳᠦᠷ ᠪᠤᠶᠤ ᠪᠢᠯᠢᠭ᠌ ᠤᠨ ᠳᠤᠭᠠᠯᠠᠯ ᠤᠨ 3 ᠰᠠᠷ᠎ᠠ ᠶᠢᠨ 21 ᠤ ᠡᠳᠦᠷ 2018 ᠤᠨ  ᠤ ᠴᠢᠩᠭᠢᠰ ᠬᠠᠭᠠᠨ ᠤ ᠬᠠᠪᠤᠷ ᠤᠨ ᠤᠯᠠᠷᠢᠯ ᠤᠨ ᠴᠠᠭᠠᠨ ᠰᠦᠷᠦᠭ᠌ ᠤᠨ ᠲᠠᠶᠢᠯᠭ᠎ᠠ ᠶᠢᠨ ᠶᠤᠰᠤᠯᠠᠯ ᠴᠢᠩᠭᠢᠰ ᠤᠨ ᠤᠩᠭ᠋ᠤᠨ ᠳᠤ ᠨᠢᠵᠢᠭᠢᠷ ᠪᠤᠯᠵᠦ ᠦᠩᠭᠡᠷᠡᠯ᠎ᠡ᠃

 ᠲᠦᠮᠡᠨ ᠪᠤᠳᠠᠰ ᠠᠮᠢᠯᠠᠨ ᠰᠡᠷᠭᠦᠵᠦ᠂ ᠲᠡᠨᠢᠭᠡᠷ ᠰᠠᠶᠢᠬᠠᠨ ᠲᠠᠯ᠎ᠠ ᠨᠤᠲᠤᠬ ᠮᠢᠨᠢ ᠨᠤᠮᠢᠨ ᠨᠤᠭᠤᠭᠠᠨ ᠢᠶᠡᠷ ᠬᠤᠴᠢᠬᠳᠠᠯ᠎ᠠ᠃ ᠨᠠᠷᠠᠨ ᠴᠡᠯᠮᠡᠶᠢᠵᠦ᠂ ᠨᠠᠪᠴᠢ ᠴᠡᠴᠡᠭ᠌ ᠨᠢ ᠬᠦᠬᠡᠷᠡᠨ ᠳᠡᠯᠭᠡᠷᠡᠭᠰᠡᠨ ᠡᠨᠡ ᠬᠦ ᠪᠠᠶᠠᠷᠲᠤ ᠴᠠᠬ ᠲᠤ ᠡᠯ᠎ᠡ ᠭᠠᠵᠠᠷ ᠤᠷᠤᠨ ᠤ ᠦᠨᠳᠦᠰᠦᠲᠡᠨ ᠶᠠᠰᠤᠲᠠᠳ ᠤᠷᠳᠤᠰ ᠤᠨ ᠦᠨᠳᠦᠷᠯᠢᠭ᠌ ᠤᠨ ᠴᠢᠩᠭᠢᠰ ᠬᠠᠭᠠᠨ ᠤ ᠤᠩᠭ᠋ᠤᠨ ᠳᠤ ᠬᠤᠷᠠᠨ ᠴᠤᠬᠯᠠᠷᠠᠵᠦ᠂ ᠴᠢᠩᠭᠢᠰ ᠬᠠᠭᠠᠨ ᠤ ᠴᠠᠭᠠᠨ ᠰᠦᠷᠦᠭ᠌ ᠤᠨ ᠲᠠᠶᠢᠯᠭ᠎ᠠ ᠶᠢᠨ ᠶᠤᠰᠤᠯᠠᠯ ᠢ ᠦᠪᠡᠳᠡᠭᠰᠢ ᠶᠡᠬᠡᠪᠡᠷ ᠶᠠᠪᠤᠬᠳᠠᠭᠤᠯᠵᠦ᠂ ᠲᠠᠯ᠎ᠠ ᠨᠤᠲᠤᠬ ᠤᠨ ᠰᠤᠶᠤᠯ᠂ ᠵᠠᠩ ᠦᠢᠯᠡ ᠶᠢᠨ ᠬᠦᠭ᠍ᠵᠢᠨ ᠮᠠᠨᠳᠤᠬᠤ ᠵᠢ ᠵᠦᠩᠨᠡᠨ ᠪᠡᠯᠭᠡᠳᠡᠭᠰᠡᠨ ᠪᠠᠶᠢᠨ᠎ᠠ᠃

 ᠳᠠᠬᠢᠯᠭ᠎ᠠ ᠡᠬᠢᠯᠡᠬᠦ ᠮᠦᠴᠡ ᠳᠤ ᠳᠠᠷᠬᠠᠳ ᠤᠨ ᠢᠷᠦᠭᠡᠯᠴᠢᠳ ᠡᠴᠡ 《ᠡᠵᠡᠨ ᠰᠠᠩ》ᠤᠩᠰᠢᠵᠦ ᠮᠦᠷᠭᠦᠯ ᠡᠬᠢᠯᠡᠳᠡᠭ᠃ ᠵᠠᠰᠠᠬ ᠤᠨ ᠲᠠᠶᠢᠯᠭ᠎ᠠ ᠳᠤ᠂ ᠤᠷᠳᠤᠰ ᠬᠤᠲᠠ ᠲᠦᠷᠦᠭᠦᠳᠡᠢ ᠦᠪᠦᠷ ᠮᠤᠩᠭ᠋ᠤᠯ ᠤᠨ ᠠᠷᠪᠠᠨ ᠬᠤᠶᠠᠷ ᠠᠶᠢᠮᠠᠬ ᠬᠤᠲᠠ ᠶᠢᠨ ᠵᠠᠰᠠᠬ ᠤᠨ ᠲᠠᠶᠢᠯᠭ᠎ᠠ ᠦᠷᠭᠦᠯᠵᠢᠯᠡᠨ ᠡᠯ᠎ᠡ ᠨᠤᠲᠤᠬ ᠡᠴᠡ ᠬᠦᠷᠦᠯᠴᠡᠨ ᠢᠷᠡᠭᠰᠡᠨ ᠮᠦᠷᠭᠦᠯᠴᠢᠳ ᠵᠠᠯᠭᠠᠪᠡᠷ ᠮᠦᠷᠭᠦᠯ ᠬᠢᠵᠦ᠂ ᠡᠷᠭᠦᠯ ᠪᠠᠷᠢᠴᠠ ᠡᠷᠭᠦᠳᠡᠭ᠃ ᠡᠭᠦᠨ ᠤ ᠳᠠᠷᠠᠭ᠎ᠠ ᠡᠰᠦᠭ ᠤᠨ ᠳᠠᠶᠢᠯᠭ᠎ᠠ ᠡᠬᠢᠯᠡᠵᠦ᠂ ᠬᠤᠷᠠᠬᠰᠠᠨ ᠤᠯᠠᠨ ᠮᠦᠷᠭᠦᠯᠴᠢᠳ ᠡᠷᠭᠦᠯ ᠤᠨ ᠰᠦ᠋ ᠴᠠᠭᠠᠨ ᠢᠳᠡᠭᠡ ᠪᠠᠨ ᠡᠷᠭᠦᠳᠡᠭ᠃

 ᠪᠦᠷᠢᠳᠬᠡᠯ ᠢ ᠦᠨᠳᠦᠰᠦᠯᠡᠪᠡᠯ᠂ ᠲᠤᠰ ᠡᠳᠦᠷ ᠤᠨ ᠮᠦᠷᠭᠦᠯᠴᠢᠳ᠂ ᠵᠢᠭᠤᠯᠴᠢᠳ ᠤᠨ ᠲᠤᠭ᠎ᠠ 10 ᠲᠦᠮᠡ ᠵᠢ ᠳᠠᠪᠠᠬᠰᠠᠨ ᠪᠠᠶᠢᠨ᠎ᠠ᠃ ᠡᠵᠡᠨ ᠬᠤᠷᠤᠭ᠎ᠠ ᠬᠤᠰᠢᠭᠤᠨ ᠤ ᠴᠢᠩᠭᠢᠰ ᠤᠨ ᠤᠩᠭ᠋ᠤᠨ ᠨᠢ ᠤᠯᠠᠮ ᠡᠴᠡ ᠤᠯᠠᠮ ᠳᠡᠯᠡᠬᠡᠢ ᠶᠢᠨ ᠲᠦᠮᠡᠨ ᠤ ᠰᠢᠲᠦᠯᠭᠡ ᠮᠦᠷᠭᠦᠯ ᠤᠨ ᠲᠦᠪ ᠪᠤᠯᠵᠦ᠂ ᠵᠢᠭᠤᠯᠴᠢᠯᠠᠯ ᠤᠨ ᠤᠷᠤᠨ ᠤ ᠬᠦᠭ᠍ᠵᠢᠯᠲᠡ ᠶᠢᠨ ᠴᠢᠬ ᠪᠤᠯᠵᠦ ᠪᠤᠢ᠃

 ᠲᠤᠰ ᠨᠠᠶᠢᠷ ᠨᠢ ᠮᠤᠷᠢ ᠤᠷᠤᠯᠳᠤᠬᠤ᠂ ᠰᠢᠲᠠᠷ᠎ᠠ ᠲᠤᠬᠯᠠᠬᠤ᠂ ᠰᠤᠷ ᠬᠠᠷᠪᠤᠬᠤ᠂ ᠪᠦᠬᠡ ᠪᠠᠷᠢᠯᠳᠤᠬᠤ ᠵᠡᠷᠭᠡ ᠤᠯᠠᠨ ᠵᠦᠢᠯ ᠤᠨ ᠤᠷᠤᠯᠳᠤᠭᠠᠨ ᠲᠡᠮᠡᠴᠡᠭᠡᠨ ᠵᠤᠬᠢᠶᠠᠨ ᠪᠠᠶᠢᠭᠤᠯᠵᠠᠢ᠃ ᠡᠭᠦᠨ ᠤ ᠭᠢᠯᠠᠰ ᠴᠢᠬ ᠪᠤᠯᠬᠤ 512 ᠬᠦᠴᠦᠳᠦ ᠪᠦᠬᠡ ᠶᠢᠨ ᠪᠠᠷᠢᠯᠳᠤᠭᠠᠨ ᠨᠢ ᠬᠤᠷᠠᠬᠰᠠᠨ ᠤᠯᠠᠨ ᠤ ᠬᠠᠷᠠᠭ᠎ᠠ ᠵᠢ ᠪᠤᠯᠢᠶᠠᠨ᠎ᠠ᠃ ᠬᠤᠶᠠᠷ ᠡᠳᠦᠷ ᠤᠨ ᠬᠤᠭᠤᠴᠠᠭ᠎ᠠ ᠲᠠᠢ ᠦᠷᠭᠦᠯᠵᠢᠯᠡᠭᠰᠡᠨ ᠪᠦᠭᠡ ᠶᠢᠨ ᠪᠠᠷᠢᠯᠳᠤᠭᠠᠨ ᠢᠶᠡᠷ ᠰᠢᠯᠢ ᠶᠢᠨ ᠭᠤᠤᠯ ᠠᠶᠢᠮᠠᠬ ᠤᠨ ᠠᠪᠠᠭ᠎ᠠ ᠬᠤᠰᠢᠭᠤᠨ ᠤ ᠴᠠᠭᠠᠨᠵᠠᠭᠠᠨ ᠨᠠᠶᠢᠷ ᠤᠨ ᠲᠡᠷᠢᠭᠦᠨ ᠱᠠᠩᠨᠠᠯ ᠢ ᠲᠤᠰᠴᠦ᠂ ᠡᠵᠡᠨ ᠴᠢᠩᠭᠢᠰ ᠤᠨ ᠦᠨᠳᠡᠭᠡᠨ ᠴᠠᠭᠠᠨ ᠤ ᠳᠠᠭᠠᠯᠲᠠ ᠰᠦᠷᠦᠭ ᠤᠨ ᠶᠡᠷᠡ ᠶᠢᠰᠦᠨ ᠠᠳᠤᠭᠤᠨ ᠤ ᠶᠢᠰᠤᠨ ᠴᠠᠭᠠᠨ ᠠᠬᠲᠠ ᠵᠢ ᠬᠦᠲᠦᠯᠦᠨ ᠭᠠᠨᠵᠤᠭ᠎ᠠ ᠲᠦᠭᠦᠷᠡᠩ ᠪᠤᠴᠠᠯ᠎ᠠ᠃

ᠬᠦᠴᠦᠲᠤ ᠪᠦᠬᠡ ᠶᠢᠨ ᠪᠠᠷᠢᠯᠳᠤᠭᠠᠨ(ᠵᠢᠷᠤᠬ ᠢ ᠺᠠᠩ ᠸᠧᠩ ᠺᠦᠢ)

ᠬᠦᠴᠦᠲᠤ ᠪᠦᠬᠡ ᠶᠢᠨ ᠪᠠᠷᠢᠯᠳᠤᠭᠠᠨ(ᠵᠢᠷᠤᠬ ᠢ ᠺᠠᠩ ᠸᠧᠩ ᠺᠦᠢ)

ᠴᠠᠭᠠᠨᠵᠠᠭᠠᠨ ᠶᠢᠰᠤᠨ ᠴᠠᠭᠠᠨ ᠠᠬᠲᠠ ᠶᠢᠨ ᠱᠠᠩᠨᠠᠯ ᠢᠶᠡᠷ ᠮᠢᠯᠢᠶᠠᠯᠭᠠᠯ᠎ᠠ (ᠵᠢᠷᠤᠬ ᠢ ᠨᠧᠲ ᠡᠴᠡ)

ᠢᠷᠡᠯᠳᠡ : 

 ᠦᠪᠦᠷ ᠮᠤᠩᠭᠤᠯ  ᠤᠨ ᠡᠳᠦᠷ ᠤᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ