5ᠰᠠᠷ᠎ᠠ ᠶᠢᠨ 11 ᠤ ᠡᠳᠦᠷ᠂ ᠦᠪᠤᠷ ᠮᠤᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠠᠴᠠ ᠭᠤᠤᠯᠯᠠᠨᠡᠷᠬᠢᠯᠡᠵᠤ᠂ ᠦᠪᠡᠷᠳᠡᠭᠡᠨ ᠵᠠᠰᠠᠬᠤ ᠤᠷᠤᠨ ᠤ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠦᠪ ᠪᠡ ᠦᠪᠡᠷᠳᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠤᠷᠳᠤᠨ ᠠᠴᠠ ᠳᠠᠭᠠᠭᠠᠴᠢᠯᠠᠨ ᠡᠷᠬᠢᠯᠡᠭᠰᠡᠨ ᠠᠷᠪᠠᠨ ᠨᠠᠢᠮᠠᠳᠤᠭᠠᠷ ᠬᠤᠭᠤᠴᠠᠭᠠᠨ ᠤ ᠦᠪᠡᠷᠲᠡᠭᠡᠨ ᠵᠠᠰᠠᠬᠤ ᠤᠷᠤᠨ ᠤ ᠵᠠᠯᠠᠭᠤᠴᠤᠳ ᠪᠠᠭᠠᠴᠤᠳ ᠤᠨ ᠮᠠᠰᠢᠨ ᠬᠦᠮᠦᠨ ᠤ ᠤᠷᠤᠯᠳᠤᠭᠠᠨ ᠬᠦᠬᠡᠬᠤᠳᠠ  ᠳᠤ ᠶᠡᠪᠤᠭᠳᠡᠪᠡ᠃

 ᠦᠪᠡᠷᠲᠡᠭᠡᠨ ᠵᠠᠰᠠᠬᠤ ᠤᠷᠤᠨ ᠤ ᠵᠠᠯᠠᠭᠤᠴᠤᠳ ᠪᠠᠭᠠᠴᠤᠳ ᠤᠨ ᠮᠠᠰᠢᠨ ᠬᠦᠮᠦᠨ ᠤ ᠤᠷᠤᠯᠳᠤᠭᠠᠨ ᠨᠢ ᠪᠦᠬᠦ ᠤᠷᠤᠨ ᠤᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠬᠴᠢᠳ ᠲᠤ ᠬᠠᠨᠳᠤᠭᠤᠯᠤᠬᠰᠠᠨ ᠨᠢᠭᠡ ᠲᠦᠷᠦᠯ ᠤᠨ ᠮᠡᠳᠡᠯᠭᠡ ᠶᠢᠨ ᠬᠤᠷᠠᠮᠳᠤᠯ᠂ ᠂ᠷᠤ᠎ᠠ ᠴᠢᠳᠡᠪᠦᠷᠢ ᠶᠢᠨ ᠪᠤᠯᠪᠠᠰᠤᠷᠠᠯ᠂ ᠰᠦᠪᠡᠭᠴᠢᠯᠡᠯᠳᠡ ᠶᠢᠨ ᠴᠢᠨᠠᠷᠳᠠᠢ ᠰᠤᠷᠤᠯᠴᠠᠯᠭ᠎ᠠ ᠶᠢ ᠨᠢᠭᠡ ᠴᠤᠬᠴᠠᠵᠢᠭᠤᠯᠤᠬᠰᠠᠨ ᠲᠦᠭᠡᠮᠡᠯᠵᠢᠬᠦᠯᠬᠦ ᠴᠢᠨᠠᠷᠳᠠᠢ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠪᠤᠯᠤᠨ᠎ᠠ᠃ ᠳᠤᠰ ᠤᠳᠠᠭ᠎ᠠ ᠶᠢᠨ ᠤᠷᠤᠯᠳᠤᠭᠠᠨ ᠳᠤ᠂ ᠪᠦᠬᠦ ᠤᠷᠤᠨ  ᠤ 12 ᠠᠶᠢᠮᠠᠭ ᠬᠤᠳᠠ ᠶᠢᠨ 118 ᠳᠤᠮᠳᠠᠳᠤ ᠪᠠᠭ᠎ᠠ ᠰᠤᠷᠭᠠᠭᠤᠯᠢ ᠠᠴᠠ ᠰᠤᠩᠭᠤᠨ ᠰᠢᠯᠭᠠᠷᠠᠭᠤᠯᠤᠭᠰᠠᠨ 162 ᠳᠤᠭᠤᠢᠯᠠᠩ ᠂ 423 ᠨᠡᠷᠡᠰ ᠵᠠᠯᠠᠭᠤᠴᠤᠳ ᠪᠠᠭᠠᠴᠤᠳ ᠦᠪᠡᠷ ᠤᠨ ᠦᠯᠡᠳᠴᠤ ᠪᠦᠳᠦᠭᠡᠭᠰᠡᠨ ᠮᠠᠰᠢᠨ ᠬᠦᠮᠦᠨ ᠲᠠᠢ ᠪᠠᠨ ᠬᠠᠮᠳᠤ ᠤᠷᠤᠯᠴᠠᠪᠠ᠃ ᠤᠷᠤᠯᠳᠤᠭᠠᠨ ᠨᠢ ᠮᠠᠰᠢᠨ ᠬᠦᠮᠦᠨ ᠤ ᠶᠡᠷᠦᠩᠭᠡᠶᠢᠯᠡᠭᠰᠡᠨ ᠴᠢᠳᠠᠪᠤᠷᠢ ᠶᠢᠨ ᠤᠷᠤᠯᠳᠤᠭᠠᠨ᠂ ᠮᠠᠰᠢᠨ ᠬᠦᠮᠦᠨ ᠤ ᠰᠢᠨ᠎ᠡ ᠶᠢ ᠡᠬᠦᠳᠬᠦ ᠤᠷᠤᠯᠳᠤᠭᠠᠨ ᠵᠡᠷᠭᠡ 6 ᠲᠦᠷᠦᠯ ᠢᠶᠠᠷ ᠶᠠᠪᠤᠭᠳᠠᠪᠠ᠃

ᠢᠷᠡᠯᠳᠡ : 

ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ ᠠ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ