3.jpg

 5 ᠰᠠᠷ᠎᠎ᠠ ᠶᠢᠨ 24 ᠤ᠋ ᠡᠳᠤᠷ 2018 ᠣᠨ ᠤᠨ《 ᠲᠠᠮᠢᠷ ᠤᠨ ᠰᠤᠭᠤᠯᠤᠭ᠎ᠠ ᠬᠤᠨᠳᠠᠭᠠᠲᠤ》ᠦᠪᠤᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠯᠠᠭᠤᠴᠤᠳ ᠪᠠᠭᠠᠴᠤᠳ ᠤᠨ ᠰᠤᠷ ᠬᠠᠷᠪᠤᠯᠲᠠ ᠶᠢᠨ ᠮᠠᠩᠯᠠᠢ ᠰᠢᠯᠭᠠᠷᠠᠭᠤᠯᠬᠤ ᠲᠡᠮᠡᠴᠡᠬᠡᠨ ᠤᠯᠠᠭᠠᠨᠴᠠᠪ ᠬᠤᠳᠠ ᠳᠤ ᠬᠠᠭᠠᠯᠳᠠ ᠪᠠᠨ ᠬᠢᠪᠡ᠃

 ᠲᠤᠰ ᠲᠡᠮᠡᠴᠡᠬᠡᠨ ᠳᠤ ᠵᠠᠯᠠᠭᠤᠴᠤᠳ ᠪᠠᠭᠠᠴᠤᠳ ᠤᠨ ᠨᠠᠰᠤᠨ ᠤ ᠶᠡᠬᠡ ᠪᠠᠭ᠎ᠠ ᠶᠢᠨ ᠲᠠᠷᠠᠭᠠᠯᠠᠯ ᠢᠶᠡᠷ ᠲᠤᠰ ᠲᠤᠰ ᠬᠦᠬᠡ᠂ ᠬᠦᠬᠡᠭ᠍ᠴᠢᠨ᠂ ᠤᠯᠠᠭᠠᠨ ᠵᠡᠷᠬᠡ ᠡᠷᠡᠭᠲᠡᠢ ᠡᠮᠡᠭᠲᠡᠢ ᠶᠢᠨ ᠪᠠᠭ ᠬᠤᠪᠢᠶᠠᠵᠤ᠂ ᠬᠤᠪᠢ ᠬᠦᠮᠤᠨ ᠤ ᠪᠤᠯᠤᠨ ᠪᠠᠭ ᠤᠨ ᠲᠡᠮᠡᠴᠡᠬᠡᠨ ᠲᠤᠬᠢᠷᠠᠭᠤᠯᠤᠨ ᠲᠠᠪᠤᠨ ᠡᠳᠤᠷ ᠤᠨ ᠬᠤᠭᠤᠴᠠᠭ᠎ᠠ ᠲᠠᠢ ᠶᠠᠪᠤᠬᠳᠠᠬᠰᠠᠨ ᠪᠠᠶᠢᠨ᠎ᠠ᠃

 ᠤᠶᠢᠯᠠᠭᠠᠭᠰᠠᠨ ᠢᠶᠡᠷ᠂ ᠲᠡᠮᠡᠴᠡᠬᠡᠨ ᠳᠤ ᠦᠪᠦᠷ ᠮᠤᠩᠭᠤᠯ ᠤᠨ ᠬᠦᠬᠡᠬᠤᠲᠠ᠂ ᠤᠷᠳᠤᠰ᠂ ᠰᠢᠯᠢ ᠶᠢᠨ ᠭᠣᠣᠯ᠂ ᠤᠯᠠᠭᠠᠨᠬᠠᠲᠠ᠂ ᠬᠦᠯᠤᠨ ᠪᠤᠶᠢᠷ᠂ ᠠᠯᠠᠱᠠ᠂ ᠦᠬᠠᠢ᠂ ᠪᠤᠭᠤᠲᠤ᠂ ᠪᠠᠶᠠᠨᠨᠠᠭᠤᠷ᠂ ᠤᠯᠠᠭᠠᠨᠴᠠᠪ ᠵᠡᠷᠭᠡ 10 ᠠᠶᠢᠮᠠᠭ ᠬᠤᠲᠠ ᠶᠢᠨ ᠰᠤᠷ ᠬᠠᠷᠪᠤᠯᠲᠠ ᠶᠢᠨ ᠠᠩᠭᠢ ᠶᠢᠨ 254 ᠦᠷᠢᠰᠦᠯᠳᠤᠭ᠍ᠴᠢ ᠤᠷᠤᠯᠴᠠᠵᠤ᠂ ᠬᠤᠷᠴᠠ ᠰᠢᠷᠦᠭᠦᠨ ᠲᠡᠮᠡᠴᠡᠬᠡᠨ ᠤ ᠳ᠋ᠦᠡᠭ ᠳ᠋ᠤ 40 ᠲᠠᠮᠢᠷᠴᠢᠨ ᠠᠯᠲᠠᠨ ᠮᠸᠲᠡᠯ ᠭᠠᠷᠳᠠᠪᠠ᠃ ᠬᠥᠯᠦᠨ ᠪᠤᠶᠢᠷ ᠬᠤᠲᠠ ᠶᠢᠨ ᠰᠤᠷ ᠬᠠᠷᠪᠤᠯᠲᠠ ᠶᠢᠨ ᠠᠩᠭᠢ 12 ᠠᠯᠲᠠᠨ ᠮᠸᠲᠡᠯ ᠤᠯᠵᠤ᠂ ᠲᠡᠮᠡᠴᠡᠬᠡᠨ ᠳᠤ ᠬᠠᠮᠤᠭ ᠤᠨ ᠤᠯᠠᠨ ᠠᠯᠲᠠᠨ ᠮᠧᠲᠡᠯ ᠤᠯᠤᠭᠰᠠᠨ ᠠᠡᠠᠭ᠍ᠭᠢ ᠪᠡᠷ ᠲᠤᠳᠤᠷᠠᠪᠠ᠃ (ᠤᠯᠠᠭᠠᠨᠴᠠᠪ ᠤᠨ ᠷᠠᠳᠢᠤ᠋ ᠲᠧᠯᠧᠢᠰ ᠬᠤᠷᠢᠶᠠᠨ ᠤ ᠰᠤᠷᠪᠤᠯᠵᠢᠯᠠᠭᠴᠢ ᠴᠢᠮᠡᠳ᠂ ᠴᠠᠬᠢᠷᠮ᠎ᠠ ᠮᠡᠳᠡᠭᠡᠯᠡᠪᠡ)


ᠢᠷᠡᠯᠳᠡ : 

ᠰᠢᠨᠬᠤᠸᠠ ᠮᠤᠩᠭᠤᠯ ᠨᠧᠲ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ