ᠬᠦᠳᠡᠯᠭᠡᠭᠡᠨ ᠬᠢᠬᠦ ᠪᠤᠯ ᠪᠡᠶ᠎ᠡ ᠴᠢᠬᠢᠷᠠᠬᠵᠢᠭᠤᠯᠬᠤ ᠰᠠᠶᠢᠨ ᠠᠷᠭ᠎ᠠ ᠮᠦᠨ᠃ ᠭᠡᠳᠡᠯ᠎ᠡ ᠬᠦᠳᠡᠯᠭᠡᠭᠡᠨ ᠬᠢᠬᠦ ᠳ᠋ᠦ ᠠᠷᠭ᠎ᠠ ᠠᠪᠴᠠᠯ᠂ ᠴᠠᠬ ᠬᠤᠭᠤᠴᠠᠭ᠎ᠠ ᠶᠢ ᠲᠤᠬᠢᠷᠠᠭᠤᠯᠬᠤ ᠨᠢ ᠲᠦᠢᠯ ᠤᠨ ᠴᠢᠬᠤᠯᠠ ᠶᠤᠮ᠃ ᠵᠢᠱᠢᠶᠡᠯᠡᠪᠡᠯ ᠬᠤᠭᠤᠯᠠᠨ ᠤ ᠲᠠᠷᠠᠭ᠎ᠠ ᠬᠡᠳᠦᠢ ᠴᠠᠬ ᠦᠡᠭᠭᠡᠷᠡᠭᠰᠡᠨ ᠤ ᠲᠠᠷᠠᠭ᠎ᠠ ᠬᠦᠳᠡᠯᠭᠡᠭᠡᠨ ᠬᠢᠵᠦ ᠪᠤᠯᠬᠤ ᠪᠤᠢ᠂ ᠶᠠᠭᠠᠬᠢᠵᠦ ᠬᠦᠳᠡᠯᠭᠡᠭᠡᠨ ᠬᠢᠪᠡᠯ ᠵᠤᠬᠢᠰᠲᠠᠢ ᠪᠠᠶᠢᠬᠤ ᠵᠡᠷᠭᠡ᠃

 ᠬᠡᠷᠪᠡ ᠬᠤᠭᠤᠯᠠ ᠪᠠᠨ ᠢᠳᠡᠵᠦ ᠲᠠᠭᠤᠰᠤᠮᠠᠬᠴᠠ ᠬᠢᠪᠡᠯ ᠴᠢᠰᠦ ᠨᠢ ᠬᠦᠳᠡᠯᠭᠡᠭᠡᠨ ᠬᠢᠭᠰᠡᠨ ᠪᠤᠯᠴᠢᠡᠭ ᠪᠠ ᠠᠷᠤᠬ ᠶᠠᠰᠤ ᠵᠦᠭ ᠤᠷᠤᠰᠴᠦ᠂ ᠬᠤᠳᠤᠭᠤᠳᠦ ᠭᠡᠳᠡᠰᠦᠨ ᠤ ᠰᠢᠡᠭᠭᠡᠭᠡᠬᠦ ᠶᠠᠪᠤᠴᠠ ᠳ᠋ᠦ ᠰᠠᠭᠠᠳ ᠤᠴᠠᠷᠠᠭᠤᠯᠵᠦ᠂ ᠰᠢᠭᠤᠳ ᠢᠯᠡᠷᠡᠯ ᠨᠢ ᠭᠡᠳᠡᠰᠦ ᠡᠪᠡᠳᠦᠨ᠎ᠡ᠃ ᠡᠶᠢᠮᠦᠷᠬᠦ ᠮᠠᠭᠤ ᠲᠠᠳᠬᠠᠯ ᠨᠢ ᠡᠳᠦᠷ ᠤᠨ ᠤᠳᠠᠭᠠᠨ ᠳ᠋ᠠᠭᠠᠨ ᠨᠡᠡᠭ ᠤᠯᠠᠨ ᠬᠤᠳᠤᠭᠤᠳᠦ ᠭᠡᠳᠡᠰᠦᠨ ᠤ ᠡᠪᠡᠳᠴᠢᠨ ᠡᠮᠬᠡᠭ ︵ᠮᠤᠬᠤᠷ ᠤᠯᠤᠭᠠᠢ ᠶᠢᠨ ᠦᠷᠪᠢᠰᠦᠯ︶ᠠᠮᠠᠷᠬᠠᠨ ᠤᠯᠬᠤ ᠪᠤᠯᠭᠠᠨ᠎ᠠ᠃

500056650.jpg

 ᠲᠡᠶᠢᠮᠦ ᠪᠤᠯ᠂ ᠬᠤᠭᠤᠯᠠᠨ ᠤ ᠲᠠᠷᠠᠭ᠎ᠠ ᠬᠡᠳᠦᠢ ᠬᠤᠭᠤᠴᠠᠭ᠎ᠠ ᠦᠡᠭᠭᠡᠷᠡᠪᠡᠯ ᠬᠦᠳᠡᠯᠭᠡᠭᠡᠨ ᠬᠢᠵᠦ ᠪᠤᠯᠬᠤ ᠪᠤᠢ︖

 ᠲᠤᠰᠬᠠᠢ ᠮᠡᠷᠭᠡᠵᠢᠯᠳᠡᠨ ᠡᠴᠡ ᠬᠦᠳᠡᠯᠭᠡᠭᠡᠨ ᠤ ᠬᠦᠴᠦᠯᠡᠴᠡ ᠪᠡᠷ ᠨᠢ ᠠᠪᠴᠦ ᠬᠡᠯᠡᠪᠡᠯ᠂ ᠰᠡᠯᠡᠭᠦᠴᠡᠬᠦ᠂ ᠠᠯᠬᠤᠬᠤ᠂ ᠲᠠᠯᠠᠪᠠᠢ ᠪᠦᠵᠢᠭ ᠵᠡᠷᠭᠡ ᠬᠦᠡᠭᠬᠡᠨ ᠬᠦᠳᠡᠯᠭᠡᠭᠡᠨ ᠢ ᠬᠤᠭᠤᠯᠠᠨ ᠤ ᠲᠠᠷᠠᠭ᠎ᠠ ᠬᠠᠭᠠᠰ ᠴᠠᠬ ᠡᠴᠡ ᠨᠢᠭᠡ ᠴᠠᠬ ᠪᠤᠯᠤᠬᠰᠠᠨ ᠤ ᠲᠠᠷᠠᠭ᠎ᠠ ᠬᠢᠵᠦ ᠪᠤᠯᠤᠨ᠎ᠠ᠂ ᠤᠳᠠᠭᠠᠨ ᠭᠦᠶᠦᠬᠦ᠂ ᠮᠠᠷᠢᠶ᠎ᠠ ᠰᠢᠭᠤᠷᠠᠭᠤᠯᠬᠤ ᠲᠠᠮᠢᠷ᠂ ᠳᠤᠭᠤᠢ ᠲᠡᠷᠭᠡ ᠤᠨᠤᠬᠤ ᠵᠡᠷᠭᠡ ᠬᠦᠳᠡᠯᠭᠡᠭᠡᠨ ᠢ ᠬᠤᠭᠤᠯᠠᠨ ᠤ ᠲᠠᠷᠠᠭ᠎ᠠ ᠬᠤᠶᠠᠷ ᠭᠤᠷᠪᠠᠨ ᠴᠠᠬ ᠪᠤᠯᠤᠬᠰᠠᠨ ᠤ ᠲᠠᠷᠠᠭ᠎ᠠ ᠰᠠᠶ᠋ᠢ ᠬᠢᠨ᠎ᠡ ᠭᠡᠯ᠎ᠡ᠃

 ᠬᠤᠭᠤᠯᠠᠨ ᠤ ᠲᠠᠷᠠᠭ᠎ᠠ ᠴᠤᠬᠤᠮ ᠶᠠᠭᠠᠬᠢᠵᠦ ᠬᠦᠳᠡᠯᠭᠡᠭᠡᠨ ᠬᠢᠪᠡᠯ ᠵᠤᠬᠢᠰᠲᠠᠢ ᠪᠠᠶᠢᠬᠤ ᠠᠰᠠᠭᠤᠳᠠᠯ ᠳ᠋ᠦ ᠲᠤᠰᠬᠠᠢ ᠮᠡᠷᠭᠡᠵᠢᠯᠲᠡᠨ ᠡᠴᠡ ᠳᠤᠤᠷᠠᠬᠢ ᠮᠡᠳᠦ ᠰᠠᠨᠠᠭᠤᠯᠭ᠎ᠠ ᠦᠭᠪᠡ᠄

 ᠬᠤᠭᠤᠯᠠᠨ ᠤ ᠲᠠᠷᠠᠭ᠎ᠠ ᠬᠠᠭᠠᠰ ᠴᠠᠬ᠄ ᠡᠨᠡᠬᠦ ᠬᠠᠭᠠᠰ ᠴᠠᠬ ᠤᠨ ᠳᠤᠲᠤᠷ᠎ᠠ᠂ ᠠᠮᠠᠷᠠᠬᠤ ᠪᠡᠷ ᠭᠤᠤᠯᠴᠢᠯᠠᠨ᠎ᠠ᠂ ᠨᠠᠮ ᠵᠢᠮ ᠪᠤᠶᠤ ᠭᠡᠷ ᠤᠨ ᠬᠦᠮᠦᠰ ᠨᠠᠶᠢᠵᠠ ᠨᠦᠬᠦᠳ ᠲᠠᠢ ᠪᠠᠨ ᠵᠤᠭᠤᠬᠳᠠᠨ᠎ᠠ᠂ ᠪᠠᠶᠠᠷ ᠪᠠᠶᠠᠰᠬᠤᠯᠠᠡᠭ ᠲᠠᠢ ᠤᠴᠢᠷ ᠶᠠᠪᠤᠳᠠᠯ ᠢ ᠢᠯᠡᠭᠦᠬᠡᠨ ᠶᠠᠷᠢᠯᠴᠠᠨ᠎ᠠ᠃ ᠢᠡᠭᠭᠢᠬᠦ ᠨᠢ ᠰᠡᠳᠭᠢᠯ ᠰᠠᠨᠠᠭ᠎ᠠ ᠶᠢ ᠰᠠᠶᠢᠨ ᠪᠠᠶᠢᠯᠭᠠᠬᠤ ᠪᠦᠭᠡᠳ ᠢᠳᠡᠭᠡᠨ ᠤ ᠬᠠᠮᠤᠬ ᠰᠠᠶᠢᠨ ᠰᠢᠡᠭᠭᠡᠭᠡᠯᠲᠡ ᠶᠢ ᠪᠠᠲᠤᠯᠠᠵᠦ ᠲᠡᠶᠢᠯᠦᠨ᠎ᠡ᠃

 ᠬᠤᠭᠤᠯᠠᠨ ᠤ ᠲᠠᠷᠠᠭ᠎ᠠ 1-1.5 ᠴᠠᠬ ᠤᠨ ᠬᠤᠭᠤᠷᠤᠨᠳᠦ᠄ ᠢᠳᠡᠭᠡᠨ ᠤ ᠰᠢᠡᠭᠭᠡᠭᠡᠯᠳᠡ ᠶᠢᠨ ᠤᠷᠭᠢᠯ ᠤᠨ ᠬᠤᠭᠤᠴᠠᠭ᠎ᠠ ᠦᠨᠳᠦᠰᠦᠨ ᠳ᠋ᠡᠭᠡᠨ ᠦᠡᠭᠭᠡᠷᠡᠵᠦ᠂ ᠡᠡᠭ ᠤᠨ ᠬᠦᠳᠡᠯᠭᠡᠭᠡᠨ ᠬᠢᠬᠦ ᠨᠢ ᠬᠠᠮᠢᠶ᠎ᠠ ᠦᠭᠡᠢ᠃ ᠵᠢᠱᠢᠶᠡᠯᠡᠪᠡᠯ ᠬᠤᠷᠳᠤᠨ ᠠᠯᠬᠤᠬᠤ᠂ ᠤᠳᠠᠭᠠᠨ ᠭᠦᠶᠦᠬᠦ ᠵᠡᠷᠭᠡ ᠬᠦᠳᠡᠯᠭᠡᠭᠡᠨ ᠢ ᠠᠭᠠᠵᠢᠭᠤ ᠡᠬᠢᠯᠡᠨ ᠬᠢᠵᠦ ᠪᠤᠯᠤᠨ᠎ᠠ᠃

 ᠬᠤᠭᠤᠯᠠᠨ ᠤ ᠲᠠᠷᠠᠭ᠎ᠠ ᠰᠡᠯᠡᠭᠦᠴᠡᠬᠦ ᠨᠢ ᠰᠢᠡᠭᠭᠡᠭᠡᠯᠲᠡ ᠶᠢ ᠰᠠᠶᠢᠵᠢᠷᠠᠭᠤᠯᠤᠨ᠎ᠠ᠃


ᠢᠷᠡᠯᠳᠡ : 

ᠲᠦᠡᠭᠯᠢᠶᠤᠤ ᠮᠤᠡᠭᠭᠤᠯ ᠰᠦᠯᠵᠢᠶ᠎ᠡ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ