ᠤᠶᠢᠷ᠎ᠠ ᠳᠤ᠂ ᠦᠪᠦᠷ ᠮᠤᠩᠭᠤᠯ ᠤᠨ ᠪᠠᠢ ᠢ ᠡᠮ ᠦᠢᠯᠡᠳᠬᠦ ᠬᠤᠪᠢᠴᠠᠭᠠᠳᠤ ᠺᠤᠮᠫᠠᠨᠢ ᠶᠢᠨ ᠰᠤᠳᠤᠯᠤᠨ ᠦᠢᠯᠡᠳᠤᠭ᠍ᠰᠡᠨ ᠬᠡᠦᠬᠡᠳ ᠤᠨ ᠤᠯᠠᠨ ᠲᠦᠷᠦᠯ ᠤᠨ ᠸᠢᠲ᠋ᠠᠮᠢᠨᠳᠦ ᠲᠠᠷᠢᠬᠤ ᠡᠮ (13) ᠤᠯᠤᠰ ᠤᠨ ᠢᠳᠡᠬᠡᠨ ᠡᠮ ᠤᠨ ᠲᠦᠷᠦᠯ ᠤᠨ ᠬᠢᠨᠠᠨ ᠬᠠᠮᠢᠶᠠᠷᠤᠯᠳᠠ ᠶᠢᠨ ᠶᠡᠷᠦᠩᠬᠡᠢ ᠲᠤᠪᠴᠢᠶᠠᠨ ᠡᠴᠡ ᠰᠢᠨ᠎ᠡ ᠡᠮ ᠤᠨ ᠵᠦᠪᠰᠢᠶᠡᠷᠡᠯ ᠤᠨ ᠦᠨᠡᠮᠯᠡᠬᠦ ᠤᠯᠪᠠ᠃

 ᠲᠤᠰ ᠡᠮ  ᠨᠢ 2018 ᠤᠨ ᠳᠤ ᠤᠯᠤᠰ ᠤᠨ ᠵᠦᠪᠰᠢᠶᠡᠷᠡᠯ ᠢ ᠤᠯᠤᠭᠰᠠᠨ ᠠᠩᠬᠠᠨ ᠤ ᠰᠢᠨ᠎ᠡ ᠡᠮ ᠪᠤᠯᠬᠤ ᠪᠦᠭᠡᠳ ᠤᠯᠤᠰ ᠡᠴᠡ ᠴᠢᠩᠭ᠋᠎ᠠ ᠬᠢᠨᠠᠨ ᠬᠠᠮᠢᠶᠠᠷᠤᠯᠳᠠ᠂ ᠰᠢᠨ᠎ᠡ ᠶᠢ ᠡᠬᠦᠳᠬᠦ ᠶᠢ ᠵᠤᠷᠢᠭᠵᠢᠭᠤᠯᠬᠤ ᠵᠡᠷᠬᠡ ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠭᠠᠷᠭᠠᠬᠰᠠᠨ ᠡᠴᠡ ᠨᠠᠰᠢᠬᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠬᠠᠮᠤᠬ ᠤᠨ ᠤᠷᠢᠳᠠᠪᠡᠷ ᠬᠢᠨᠠᠨ ᠦᠨᠡᠯᠡᠯᠳᠡ ᠤᠯᠤᠭᠰᠠᠨ ᠪᠦᠭᠡᠳ ᠰᠢᠨ᠎ᠡ ᠡᠮ ᠤᠨ ᠦᠨᠡᠮᠯᠡᠬᠦ ᠤᠯᠤᠬᠰᠠᠨ ᠡᠮ ᠮᠦᠷᠳᠡᠭᠡᠨ ᠤᠯᠤᠰ ᠤᠨ ᠲᠤᠳᠤᠭᠠᠳᠤ ᠳᠤ ᠬᠡᠦᠬᠡᠳ ᠤᠨ ᠸᠢᠲ᠋ᠠᠮᠢᠨ ᠤ ᠪᠦᠬᠦ ᠱᠠᠭᠠᠷᠳᠠᠯᠭ᠎ᠠ  ᠶᠢ ᠪᠦᠬᠦ ᠲᠠᠯ᠎ᠠ ᠪᠠᠷ ᠨᠦᠬᠦᠪᠦᠷᠢᠯᠡᠬᠦ ᠨᠠᠮᠵᠢᠭᠤᠨ ᠰᠤᠳᠠᠯ ᠤᠨ ᠠᠡᠭᠬᠠᠳᠠᠬᠴᠢ ᠡᠮ  ᠪᠤᠯᠤᠨ᠎ᠠ᠃

 ᠦᠪᠦᠷ ᠮᠤᠩᠭᠤᠯ ᠤᠨ ᠪᠠᠢ ᠢ ᠡᠮ ᠦᠢᠯᠡᠳᠬᠦ ᠬᠤᠪᠢᠴᠠᠭᠠᠳᠤ ᠺᠤᠮᠫᠠᠨᠢ ᠪᠤᠯ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠳᠤ ᠪᠠᠺᠲ᠋ᠧᠷᠢ ᠦᠭᠡᠢ ᠡᠮ ᠤᠨ ᠦᠢᠯᠡᠳᠪᠦᠷᠢᠯᠡᠯ ᠤᠨ ᠬᠠᠮᠤᠭ ᠤᠨ ᠲᠤᠮᠤ ᠺᠤᠮᠫᠠᠨᠢ ᠶᠤᠮ᠂ ᠲᠤᠰ ᠺᠤᠮᠫᠠᠨᠢ ᠳᠤ ᠦᠪᠦᠷ ᠮᠤᠩᠭᠤᠯ ᠤᠨ ᠪᠠᠺᠲ᠋ᠧᠷᠢ ᠦᠭᠡᠢ ᠡᠮ ᠤᠨ ᠲᠦᠷᠦᠯ ᠤᠨ ᠰᠤᠳᠤᠯᠭᠠᠨ ᠤ ᠲᠦᠪ ᠲᠠᠢ᠂ ᠤᠳᠤᠬᠠᠨ ᠳᠤ ᠤᠯᠤᠰ ᠲᠤ ᠮᠡᠳᠡᠬᠦᠯᠵᠤ ᠬᠢᠨᠠᠨ ᠵᠦᠪᠰᠢᠶᠡᠷᠡᠯ ᠬᠦᠯᠢᠶᠡᠵᠤ ᠪᠠᠶᠢᠭ᠎ᠠ ᠡᠮ ᠤᠨ ᠲᠦᠷᠦᠯ ᠨᠢ 31 ᠪᠠᠶᠢᠨ᠎ᠠ᠃


ᠢᠷᠡᠯᠳᠡ : 

ᠦᠪᠦᠷ ᠮᠤᠩᠭᠤᠯ ᠤᠨ ᠰᠤᠨᠢᠨ ᠮᠡᠳᠡᠬᠡᠨ ᠤ ᠨᠧᠲ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ