ᠠᠮᠢᠳᠤᠷᠠᠯ ᠤᠨ ᠠᠶᠢᠵᠠᠮ ᠳᠦᠷᠭᠡᠨ᠂ ᠠᠵᠢᠯ ᠤᠨ ᠳᠠᠷᠤᠭᠠᠰᠤ ᠬᠦᠨᠳᠦ ᠠᠴᠠ ᠪᠤᠯᠵᠤ ᠤᠯᠠᠩᠭᠢ ᠬᠦᠮᠦᠨ ᠤ ᠠᠵᠢᠯᠯᠠᠵᠤ ᠠᠮᠠᠷᠠᠬᠤ ᠨᠢ ᠵᠢᠮ᠎ᠠ ᠬᠠᠤᠯᠢ ᠦᠭᠡᠢ᠂ ᠢᠳᠡᠭᠡᠨ ᠤ ᠰᠢᠮ᠎ᠠ ᠳᠡᠵᠢᠭᠡᠯ ᠨᠢ ᠳᠡᠩᠴᠡᠭᠦᠷᠢ ᠦᠭᠡᠢ᠂ ᠳᠠᠪᠤᠰᠤ ᠳᠤᠰᠤ ᠦᠭᠡᠬᠦ ᠡᠯᠪᠡᠭᠢᠳᠡᠭᠡᠨ ᠢᠳᠡᠬᠦ ᠨᠢ ᠢᠯᠡᠭᠦᠦ ᠪᠠᠶᠢᠭ᠎ᠠ ᠵᠡᠷᠭᠡ ᠠᠴᠠ ᠪᠤᠯᠵᠤ᠂ ᠬᠤᠳᠤᠭᠤᠳᠤ ᠡᠪᠭᠦ᠋ᠢᠷᠡᠬᠦ ᠪᠠᠶᠢᠳᠠᠯ ᠪᠠᠷᠤᠭ ᠬᠦᠮᠦᠨ ᠪᠤᠯᠭᠠᠨ ᠢᠵᠤᠪᠠᠭᠠᠬᠤ ᠪᠤᠯᠵᠤ ᠪᠠᠶᠢᠨ᠎ᠠ᠃ ᠨᠠᠰᠤᠳᠠᠶᠢᠴᠤᠳ ᠤᠨ ᠪᠡᠶ᠎ᠡ ᠶᠢᠨ ᠴᠢᠳᠠᠪᠬᠢ ᠪᠠᠭᠤᠷᠠᠵᠤ᠂ ᠴᠤᠯᠤ ᠰᠠᠪᠠ ᠨᠢ ᠦᠳᠡᠯᠦᠭᠡᠳ ᠬᠤᠳᠤᠭᠤᠳᠤᠡᠪᠭᠦ᠋ᠢᠷᠡᠬᠦ ᠨᠢ ᠡᠩ ᠤᠨ ᠶᠠᠪᠤᠳᠠᠯ ᠪᠤᠯᠵᠤ ᠪᠠᠶᠢᠳᠠᠭ ᠪᠤᠯ ᠵᠠᠯᠠᠭᠤ ᠢᠳᠡᠷᠴᠦᠳ ᠭᠡᠰᠡᠨ ᠦᠭᠡᠢ ᠤᠯᠠᠩᠭᠢ ᠬᠦᠮᠦᠨ ᠤ ᠬᠤᠳᠤᠭᠤᠳᠤᠨᠡᠶᠢᠳᠡᠮ ᠳᠡᠭᠡᠨ ᠳᠡᠶᠢᠮᠦ ᠰᠠᠶᠢᠨ ᠪᠢᠰᠢ ᠪᠠᠶᠢᠳᠠᠭ᠃ ᠶᠠᠬ ᠳᠡᠶᠢᠮᠦ ᠪᠤᠯᠬᠤᠷ 《ᠬᠤᠳᠤᠭᠤᠳᠤ ᠪᠠᠨ ᠰᠤᠪᠢᠯᠠᠬᠤ》ᠤᠢᠢᠯᠠᠭᠠᠭᠳᠠᠬᠤᠨᠤᠢᠢᠷ᠎ᠠ ᠶᠢᠨ ᠵᠢᠯ ᠳᠤ ᠤᠯᠠᠮ ᠢᠶᠠᠷ ᠵᠠᠢ ᠠᠪᠴᠤ᠂ ᠬᠤᠳᠤᠭᠤᠳᠤ ᠰᠤᠪᠢᠯᠠᠬᠤ ᠤᠯᠠᠨ ᠵᠦᠢᠯ  ᠤᠨ ᠪᠦᠲᠦᠭᠡᠭᠳᠡᠭᠦᠨ ᠤ ᠪᠤᠷᠤᠯᠠᠭᠤᠯᠭ᠎ᠠ ᠰᠠᠶᠢᠵᠢᠷᠠᠭᠰᠠᠭᠠᠷ ᠪᠠᠶᠢᠨ᠎ᠠ᠃ ᠳᠡᠭᠡᠪᠡᠯ ᠡᠳᠡᠭᠡᠷ ᠰᠤᠪᠢᠯᠠᠭ᠎ᠠ ᠶᠢᠨ ᠪᠦᠲᠦᠭᠡᠭᠳᠡᠭᠦᠨ ᠨᠢ ᠦᠨᠡᠭᠡᠷ ᠬᠤᠳᠤᠭᠤᠳᠤ ᠳᠤ ᠳᠤᠰᠠᠳᠠᠢ ᠪᠤᠯᠪᠠᠤ᠂ᠬᠦᠮᠦᠰ ᠤᠨ ᠬᠤᠳᠤᠭᠤᠳᠤ ᠪᠠᠨ ᠰᠤᠪᠢᠯᠠᠬᠤ ᠠᠷᠭ᠎ᠠ ᠬᠡᠯᠪᠡᠷᠢ ᠨᠢ ᠵᠦᠪ ᠪᠠᠶᠢᠳᠠᠭ ᠪᠤᠯᠪᠠᠤ︖          


▲  ᠡᠪᠡᠳᠴᠢᠨ ᠤ ᠢᠯᠡᠷᠡᠯ ᠢᠶᠠᠷ ᠰᠤᠪᠢᠯᠠᠬᠤ ᠡᠰᠡᠬᠦ ᠪᠠᠨ ᠳᠤᠭᠳᠠᠭᠠᠨ᠎ᠠ     

   

  ᠬᠤᠳᠤᠭᠤᠳᠤ ᠳᠡᠭᠡᠭᠰᠢ ᠪᠠᠨ ᠤᠯᠠᠭᠠᠨ ᠬᠤᠭᠤᠯᠠᠢ ᠳᠤᠭᠤᠭᠰᠢ ᠪᠠᠨ ᠨᠠᠷᠢᠨ ᠭᠡᠳᠡᠰᠦ ᠲᠠᠢ ᠬᠤᠯᠪᠤᠯᠳᠤᠵᠤ᠂ ᠢᠳᠡᠭᠡᠨ ᠤᠵᠦᠢᠯ ᠢ ᠪᠤᠯᠪᠠᠰᠤᠷᠠᠭᠤᠯᠵᠤ ᠰᠢᠩᠭᠡᠭᠡᠵᠤ ᠪᠡᠶ᠎ᠡ ᠮᠠᠬᠠᠪᠤᠳ ᠲᠤ ᠰᠢᠮ᠎ᠠ ᠳᠡᠵᠢᠭᠡᠯ ᠪᠠ ᠡᠨᠧᠷᠭᠢ ᠬᠠᠩᠭᠠᠬᠤ ᠶᠡᠭᠡ ᠡᠭᠦᠷᠭᠡ ᠶᠢ ᠳᠠᠭᠠᠭᠠᠵᠤᠪᠠᠶᠢᠳᠠᠭ᠃《ᠬᠤᠳᠤᠭᠤᠳᠤ ᠡᠪᠭᠦ᠋ᠢᠷᠡᠬᠦ ᠪᠤᠯ ᠨᠢᠭᠡ ᠵᠦᠢᠯ ᠤᠨ ᠤᠯᠠᠷᠢᠯ᠂ ᠴᠠᠭ᠂ ᠨᠠᠰᠤ ᠵᠢᠯ ᠤᠨ ᠢᠯᠭᠠᠭ᠎ᠠ ᠪᠠᠶᠢᠳᠠᠭ ᠦᠭᠡᠢᠡᠪᠡᠳᠴᠢᠨ ᠤ ᠢᠯᠡᠷᠡᠯ ᠪᠤᠯᠤᠨ᠎ᠠ᠃ ᠰᠢᠩᠭᠡᠭᠡᠯᠳᠡ ᠶᠢᠨ ᠰᠠᠯᠠᠭᠠᠨ ᠳᠤ ᠡᠪᠡᠳᠴᠢᠨ ᠦᠵᠡᠭᠦᠯᠬᠦ ᠪᠠᠷ ᠢᠷᠡᠭᠰᠡᠳ ᠤᠨ 60% ᠨᠢᠬᠤᠳᠤᠭᠤᠳᠤ ᠡᠪᠭᠦ᠋ᠢᠷᠡᠬᠦ ᠢᠯᠡᠷᠡᠯ ᠲᠠᠢ ᠪᠠᠶᠢᠳᠠᠭ》 ᠭᠡᠵᠦ ᠴᠢᠩᠬᠤᠸᠠ ᠶᠡᠭᠡ ᠰᠤᠷᠭᠠᠭᠤᠯᠢ ᠶᠢᠨ ᠬᠠᠷᠢᠶᠠᠳᠤ ᠪᠡᠭᠡᠵᠢᠩ ᠤᠨᠴᠢᠩᠬᠤᠸᠠ ᠴᠠᠩ ᠭᠧᠨ ᠡᠮᠨᠡᠯᠭᠡ ᠶᠢᠨ ᠬᠤᠷᠢᠶᠠᠨ ᠤ ᠰᠢᠩᠭᠡᠭᠡᠯᠳᠡ ᠶᠢᠨ ᠳᠤᠳᠤᠷ ᠰᠠᠯᠠᠭᠠᠨ ᠤ ᠡᠷᠭᠢᠯᠡᠭᠴᠢ ᠡᠮᠴᠢ ᠳᠠᠩ ᠸᠧᠢ ᠬᠤᠩ ᠳᠠᠨᠢᠯᠴᠠᠭᠤᠯᠵᠤ ᠪᠠᠶᠢᠨ᠎ᠠ᠃ ᠬᠤᠳᠤᠭᠤᠳᠤ ᠨᠢ ᠳᠡᠭᠡᠷ᠎ᠡ ᠳᠤᠤᠷᠠᠬᠢ ᠶᠢ ᠬᠤᠯᠪᠤᠬᠤ ᠪᠠᠶᠢᠷᠢᠨ ᠳᠤ ᠪᠠᠶᠢᠳᠠᠭ ᠪᠤᠯᠬᠤᠷ ᠠᠯᠢ ᠨᠢᠭᠡᠨᠡᠷᠭᠡᠳᠡᠨ ᠡᠪᠡᠳᠴᠢᠯᠡᠭᠰᠡᠨ ᠴᠤ᠂ ᠵᠢᠱᠢᠶᠡᠯᠡᠪᠡᠯ ᠬᠤᠳᠤᠭᠤᠳᠤᠨ ᠤ ᠦᠮᠡᠨ ᠤ ᠠᠩᠬᠠᠨ ᠤ ᠬᠤᠭᠤᠴᠠᠭ᠎ᠠ᠂ ᠭᠡᠳᠡᠰᠦᠨ ᠤ ᠬᠠᠪᠤᠳᠠᠷ᠂ ᠠᠮᠢᠰᠬᠤᠯ ᠤᠨ ᠰᠢᠰᠲ᠋ᠧᠮ ᠤᠨ ᠬᠠᠯᠳᠠᠪᠤᠷᠢᠯᠠᠯ᠂ ᠰᠢᠭᠡᠰᠦ ᠱᠦᠭᠦᠷᠡᠭᠦᠯᠬᠦ ᠰᠢᠰᠲ᠋ᠧᠮ ᠤᠨ ᠦᠷᠪᠢᠰᠦᠯ ᠵᠡᠷᠭᠡ ᠨᠢ ᠪᠦᠷ ᠬᠤᠳᠤᠭᠤᠳᠤ ᠡᠪᠭᠦ᠋ᠢᠷᠡᠬᠦ ᠪᠠᠶᠢᠳᠠᠯ ᠢ ᠪᠤᠢ ᠪᠤᠯᠭᠠᠳᠠᠭ᠃ ᠵᠠᠷᠢᠮ ᠡᠪᠡᠳᠴᠢᠳᠠᠨ ᠰᠢᠯᠳᠠᠭᠠᠨ ᠢ ᠨᠢ ᠳᠤᠳᠤᠯᠠᠭᠰᠠᠨ ᠦᠭᠡᠢ ᠪᠠᠶᠢᠳᠠᠯ ᠳᠤᠤᠷ᠎ᠠᠦᠪᠡᠷ ᠢᠶᠠᠨ ᠡᠵᠡᠨ ᠮᠡᠳᠡᠵᠦ ᠡᠮ ᠤᠤᠭᠤᠬᠤ ᠪᠤᠶᠤ ᠢᠳᠡᠭᠡᠨ ᠤᠮᠳᠠᠭᠠᠨ ᠢᠶᠠᠷ ᠬᠤᠳᠤᠭᠤᠳᠤ ᠪᠠᠨ ᠰᠤᠪᠢᠯᠠᠬᠤ ᠶᠢ ᠳᠦᠷᠦᠭᠦᠨ ᠳᠤ ᠳᠠᠯᠪᠢᠳᠠᠭ᠃ ᠡᠨᠡ ᠨᠢ ᠦᠨᠡᠨ ᠳᠡᠭᠡᠨ ᠳᠡᠮᠡᠢ ᠦᠢᠯᠡᠳᠦᠯ ᠭᠠᠷᠭᠠᠳᠠᠭ ᠦᠭᠡᠢ ᠮᠦᠷᠳᠡᠭᠡᠨ ᠨᠡᠩ ᠴᠤ ᠡᠪᠡᠳᠴᠢᠨ ᠢ ᠰᠠᠭᠠᠳᠠᠭᠠᠵᠤᠬᠦᠨᠳᠦ ᠨᠤᠴᠢᠳᠠᠢ ᠦᠷ᠎ᠡ ᠳ᠋ᠦᠩ ᠳᠤ ᠬᠦᠷᠴᠦ ᠮᠡᠳᠡᠬᠦ ᠠᠶᠤᠯ ᠲᠠᠢ ᠪᠠᠶᠢᠳᠠᠭ᠃ ᠳᠡᠶᠢᠮᠦ ᠠᠴᠠ᠂ ᠬᠤᠳᠤᠭᠤᠳᠤ ᠪᠠᠨ ᠰᠤᠪᠢᠯᠠᠬᠤ ᠶᠢᠨᠤᠷᠢᠳᠠᠴᠢ ᠨᠦᠬᠦᠴᠡᠯ ᠪᠤᠯ ᠡᠪᠡᠳᠴᠢᠨ ᠤ ᠰᠢᠯᠳᠠᠭᠠᠨ ᠢ ᠨᠢ ᠳᠤᠳᠤᠯᠠᠵᠤ ᠬᠤᠳᠤᠭᠤᠳᠤ ᠡᠪᠭᠦ᠋ᠢᠷᠡᠬᠦ ᠪᠠᠶᠢᠳᠠᠯ ᠢ ᠪᠤᠢ ᠪᠤᠯᠭᠠᠵᠤ ᠪᠠᠶᠢᠭ᠎ᠠ ᠨᠢ ᠴᠤᠬᠤᠮ ᠶᠠᠭᠤ ᠪᠤᠯᠬᠤ ᠶᠢ ᠮᠡᠳᠡᠬᠦ ᠶᠠᠪᠤᠳᠠᠯ ᠪᠤᠯᠤᠨ᠎ᠠ᠃ ᠬᠤᠳᠤᠭᠤᠳᠤᠨ ᠤ ᠡᠪᠡᠳᠴᠢᠨ ᠤ ᠳᠦᠷᠦᠯ ᠵᠦᠢᠯ ᠨᠢ ᠤᠯᠠᠨ᠂ ᠡᠭᠦᠰᠦᠭᠰᠡᠨ ᠰᠢᠯᠳᠠᠭᠠᠨ ᠨᠢ ᠪᠤᠳᠤᠯᠢᠶᠠᠨᠳᠠᠢ ᠪᠠᠶᠢᠳᠠᠭ᠃ᠵᠠᠷᠢᠮ ᠬᠤᠳᠤᠭᠤᠳᠤᠨ ᠤ ᠡᠪᠡᠳᠴᠢᠨ ᠢ ᠵᠦᠪᠬᠡᠨ ᠰᠤᠪᠢᠯᠠᠭᠠᠳ ᠪᠤᠯᠬᠤ ᠦᠭᠡᠢ ᠡᠮᠨᠡᠬᠦ ᠭᠡᠷᠡᠭᠳᠡᠢ ᠪᠠᠶᠢᠳᠠᠭ᠃ ᠵᠢᠱᠢᠶᠡᠯᠡᠪᠡᠯᠬᠤᠳᠤᠭᠤᠳᠤᠨ ᠮᠤᠬᠤᠷ ᠤᠨ ᠡᠷᠭᠢᠭᠦᠯᠭᠡᠨ ᠰᠠᠪᠬᠠᠨᠴᠢᠷ ᠪᠠᠺᠲ᠋ᠧᠷᠢ ᠪᠤᠯ ᠬᠤᠳᠤᠭᠤᠳᠤᠨ ᠤ ᠡᠪᠡᠳᠴᠢᠨ ᠢ ᠡᠭᠦᠰᠭᠡᠳᠡᠭ ᠤᠯᠠᠨ ᠳᠤᠬᠢᠶᠠᠯᠳᠤᠳᠠᠭ ᠡᠯᠧᠮᠧᠨ᠋ᠲ ᠤᠨ ᠨᠢᠭᠡ ᠪᠤᠯᠤᠨ᠎ᠠ᠂ ᠡᠨᠡᠬᠦ ᠪᠠᠺᠲ᠋ᠧᠷᠢ ᠠᠴᠠ ᠪᠤᠯᠵᠤ ᠬᠤᠳᠤᠭᠤᠳᠤᠨ ᠤ ᠤᠵᠢᠬ ᠴᠢᠨᠠᠷᠳᠠᠢ ᠦᠷᠪᠢᠰᠦᠯ᠂ᠰᠢᠷᠬᠠᠯᠠᠭ᠎ᠠ᠂ ᠳᠡᠷᠡᠴᠢᠯᠡᠨ ᠬᠠᠪᠤᠳᠠᠷ ᠴᠤ ᠡᠭᠦᠰᠭᠡᠳᠡᠭ᠃ ᠳᠡᠶᠢᠮᠦ ᠠᠴᠠ ᠡᠪᠡᠳᠴᠢᠳᠠᠳ ᠡᠷᠭᠡᠪᠰᠢ ᠪᠤᠳᠠᠳᠠᠢ ᠪᠠᠶᠢᠳᠠᠯ ᠢᠶᠠᠨᠦᠨᠳᠦᠰᠦᠯᠡᠨ ᠡᠮᠴᠢ ᠶᠢᠨ ᠤᠨᠤᠰᠢᠯᠠᠭ᠎ᠠ ᠳᠤ ᠳᠦᠰᠢᠭᠯᠡᠨ ᠳᠦᠷᠢᠮᠵᠢᠭᠰᠡᠨ ᠡᠮᠴᠢᠯᠡᠭᠡᠨ ᠤ ᠠᠷᠭ᠎ᠠ ᠬᠡᠮᠵᠢᠶ᠎ᠠ ᠠᠪᠬᠤ ᠭᠡᠷᠡᠭᠳᠡᠢ᠃      《ᠰᠡᠳᠭᠢᠯ ᠤᠨ ᠡᠪᠡᠳᠴᠢᠨ》 ᠠᠴᠠ ᠪᠤᠯᠵᠤ ᠬᠤᠳᠤᠭᠤᠳᠤ ᠡᠪᠭᠦ᠋ᠢᠷᠡᠬᠦ ᠪᠠᠶᠢᠳᠠᠯ ᠴᠤ ᠭᠠᠷᠳᠠᠭ᠂ ᠡᠳᠡᠭᠡᠷ ᠢ ᠰᠠᠨᠠᠭ᠎ᠠᠰᠡᠳᠭᠢᠯ ᠢ ᠳᠠᠶᠢᠪᠤᠰᠢᠷᠠᠭᠤᠯᠬᠤ ᠠᠷᠭ᠎ᠠ ᠪᠠᠷ ᠨᠠᠮᠳᠠᠭᠤᠯᠵᠤ ᠪᠤᠯᠳᠠᠭ᠂ ᠵᠢᠱᠢᠶᠡᠯᠡᠪᠡᠯ ᠴᠢᠳᠠᠪᠬᠢ ᠶᠢᠨ ᠴᠢᠨᠠᠷᠳᠠᠢ ᠰᠢᠩᠭᠡᠭᠡᠯᠳᠡ ᠮᠠᠭᠤᠳᠠᠬᠤ ᠪᠤᠶᠤ ᠴᠢᠳᠠᠪᠬᠢ ᠶᠢᠨ ᠴᠢᠨᠠᠷᠳᠠᠢ ᠬᠤᠳᠤᠭᠤᠳᠤ ᠨᠤᠭᠤᠯᠤᠭᠤᠷ ᠭᠡᠳᠡᠰᠦᠨ ᠤ ᠡᠪᠡᠳᠴᠢᠨ ᠤ ᠬᠤᠪᠢ ᠳᠤ ᠠᠪᠴᠤ ᠬᠡᠯᠡᠪᠡᠯ ᠭᠡᠴᠡᠭᠦᠦᠶᠡᠭᠡ ᠠᠭᠤᠷᠯᠠᠬᠤ ᠮᠡᠳᠦ ᠶᠢᠨ ᠰᠡᠳᠭᠢᠯ ᠤᠨ ᠬᠦᠳᠡᠯᠭᠡᠭᠡᠨ ᠪᠤᠶᠤ ᠨᠠᠵᠠᠭᠠᠢ ᠤᠪᠤᠷ ᠪᠠᠶᠢᠳᠠᠯ ᠨᠢ ᠡᠪᠡᠳᠴᠢᠨ ᠤ ᠭᠤᠤᠯ ᠰᠢᠯᠳᠠᠭᠠᠨᠪᠤᠯᠳᠠᠭ᠃ ᠰᠠᠨᠠᠭ᠎ᠠ ᠰᠡᠳᠭᠢᠯ ᠢ ᠨᠢ ᠳᠠᠶᠢᠪᠤᠰᠢᠷᠠᠭᠤᠯᠬᠤ ᠴᠢᠬᠤᠯᠠᠳᠠᠢ ᠢᠢᠮᠦ ᠡᠪᠡᠳᠴᠢᠨ ᠳᠤ ᠵᠦᠪᠬᠡᠨ ᠰᠤᠪᠢᠯᠠᠭ᠎ᠠ ᠶᠢ ᠴᠢᠬᠤᠯᠠᠴᠢᠯᠠᠪᠠᠯ ᠳᠡᠮᠡᠢ ᠦᠢᠯᠡᠳᠦᠯ ᠭᠠᠷᠭᠠᠵᠤ ᠳᠡᠶᠢᠯᠬᠦ ᠦᠭᠡᠢ ᠨᠢ ᠯᠠᠪᠳᠠᠢ᠃          



▲  ᠵᠠᠩᠭᠢᠯᠠᠭ᠎ᠠ ᠨᠢ ᠠᠮᠢᠳᠤᠷᠠᠯ ᠤᠨ ᠳᠠᠳᠬᠠᠯ ᠳᠤ ᠪᠤᠢ    

    ᠬᠤᠳᠤᠭᠤᠳᠤ ᠡᠪᠭᠦ᠋ᠢᠷᠡᠪᠡᠯ ᠦᠪᠡᠷ ᠢᠶᠠᠨ ᠳᠠᠭᠠᠮᠠᠬᠯᠠᠵᠤ ᠡᠮᠨᠡᠵᠦ ᠪᠤᠯᠬᠤ ᠦᠭᠡᠢ᠂ ᠡᠷᠭᠡᠪᠰᠢ ᠡᠮᠨᠡᠯᠭᠡ ᠶᠢᠨ ᠬᠤᠷᠢᠶᠠᠨ ᠳᠤᠤᠴᠢᠵᠤ ᠳᠤᠰᠬᠠᠢ ᠮᠡᠷᠭᠡᠵᠢᠯ ᠤᠨ ᠪᠠᠶᠢᠴᠠᠭᠠᠯᠳᠠ ᠬᠢᠯᠭᠡᠵᠦ ᠡᠪᠡᠳᠴᠢᠨ ᠤ ᠰᠢᠯᠳᠠᠭᠠᠨ ᠢ ᠨᠢ ᠳᠤᠳᠤᠯᠠᠬᠤ ᠭᠡᠷᠡᠭᠳᠡᠢ ᠭᠡᠵᠦ ᠳᠤᠰᠬᠠᠢ ᠮᠡᠷᠭᠡᠵᠢᠯᠳᠡᠳ ᠦᠵᠡᠵᠦ ᠪᠠᠶᠢᠨ᠎ᠠ᠃ ᠡᠳᠦᠷ ᠳᠤᠳᠤᠮ ᠳᠦᠷᠪᠡᠨ ᠳᠠᠯ᠎ᠠ ᠶᠢᠨ ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠢ ᠪᠤᠢ ᠪᠤᠯᠭᠠᠵᠤ ᠬᠤᠳᠤᠭᠤᠳᠤᠨ ᠤ ᠪᠠᠨ ᠡᠷᠡᠭᠦᠯ ᠮᠡᠨᠳᠦ ᠶᠢ ᠪᠠᠳᠤᠯᠠᠬᠤ ᠭᠡᠷᠡᠭᠳᠡᠢ ᠭᠡᠵᠦ ᠳᠡᠳᠡ ᠰᠠᠨᠠᠭᠤᠯᠵᠤ ᠪᠠᠶᠢᠨ᠎ᠠ᠃ ᠢᠳᠡᠭᠡᠨ ᠤ ᠰᠢᠮ᠎ᠡ ᠳᠡᠵᠢᠭᠡᠯ ᠢ ᠳᠡᠩᠴᠡᠭᠦᠷᠢ ᠲᠠᠢ ᠪᠠᠶᠢᠯᠭᠠᠨ᠎ᠠ᠃ ᠰᠠᠭᠤᠭᠠᠯᠢ ᠠᠷᠠᠳ ᠤᠨ ᠰᠢᠮ᠎ᠠ ᠳᠡᠵᠢᠭᠡᠯ ᠤᠨ ᠵᠦᠭᠯᠡᠭᠦᠷ ᠢ ᠦᠨᠳᠦᠰᠦᠯᠡᠵᠦ᠂ ᠡᠳᠦᠷ ᠪᠤᠯᠭᠠᠨ ᠤ ᠢᠳᠡᠭᠡᠨ ᠤᠮᠳᠠᠭᠠᠨ ᠢᠶᠠᠨ ᠳᠡᠩᠴᠡᠭᠦᠷᠢᠳᠠᠢ ᠳᠤᠬᠢᠷᠠᠭᠤᠯᠬᠤ ᠭᠡᠷᠡᠭᠳᠡᠢ᠃ ᠡᠯᠪᠡᠭ ᠳᠡᠯᠪᠡᠭᠢᠳᠡᠭᠡᠨ ᠤ ᠮᠠᠲ᠋ᠧᠷᠢᠶᠠᠯ ᠢ ᠡᠪᠳᠡᠢ ᠳᠤᠬᠢᠷᠠᠭᠤᠯᠵᠤ ᠢᠳᠡᠬᠦ ᠨᠢ ᠬᠦᠮᠦᠨ ᠤ ᠪᠡᠶ᠎ᠡ ᠶᠢᠨ ᠡᠯ᠎ᠠ ᠵᠦᠢᠯ ᠤᠨ ᠰᠢᠮ᠎ᠠ ᠳᠡᠵᠢᠭᠡᠯ ᠤᠨ ᠪᠦᠷᠢᠯᠳᠦᠭᠦᠨ ᠢᠶᠠᠨ ᠰᠢᠩᠭᠡᠭᠡᠨ ᠠᠪᠬᠤ ᠳᠤ ᠠᠰᠢᠬᠳᠠᠢ ᠪᠠᠶᠢᠵᠤ᠂ ᠡᠯ᠎ᠠ ᠡᠷᠭᠡᠳᠡᠨ ᠤ ᠡᠳᠦᠷ ᠳᠤᠳᠤᠮ ᠤᠨ ᠬᠡᠪ ᠤᠨ ᠠᠵᠢᠯᠯᠠᠭ᠎ᠠ ᠶᠢᠪᠠᠳᠤᠯᠠᠳᠠᠭ᠃ 1 ᠬᠤᠪᠢ ᠶᠢᠨ ᠵᠢᠭᠠᠰᠤ ᠮᠢᠬ᠎ᠠ ᠶᠢ 3 ᠬᠤᠪᠢ ᠶᠢᠨ ᠢᠳᠡᠰᠢᠨ ᠨᠤᠭᠤᠭ᠎ᠠ ᠲᠠᠢ ᠵᠤᠬᠢᠴᠠᠭᠤᠯᠵᠤ ᠢᠳᠡᠨ᠎ᠠ᠂ ᠡᠳᠦᠷᠪᠤᠯᠭᠠᠨ 200 — 350 ᠭᠷᠡᠮ ᠵᠢᠮᠢᠰ ᠢᠳᠡᠨ᠎ᠠ᠂ ᠵᠢᠮᠢᠰ ᠤᠨ ᠰᠢᠭᠦᠰᠦ ᠪᠠᠷ ᠵᠢᠮᠢᠰ ᠢ ᠤᠷᠤᠯᠠᠭᠤᠯᠵᠤ ᠪᠤᠯᠬᠤ ᠦᠭᠡᠢ ᠭᠡᠰᠡᠨ ᠰᠠᠨᠠᠭᠤᠯᠭ᠎ᠠ ᠦᠭᠴᠤ ᠪᠠᠶᠢᠨ᠎ᠠ᠃

  ᠠᠵᠢᠯᠯᠠᠵᠤ ᠠᠮᠠᠷᠠᠬᠤ ᠢᠳᠡᠵᠦ ᠤᠤᠭᠤᠬᠤ ᠪᠠᠨ ᠳᠢᠭ ᠲᠠᠢ ᠪᠠᠶᠢᠯᠭᠠᠨ᠎ᠠ᠃ ᠡᠳᠦᠷ ᠳᠤᠳᠤᠮ ᠤᠨ ᠠᠵᠢᠯᠯᠠᠵᠤ ᠠᠮᠠᠷᠠᠬᠤ ᠪᠠᠨᠰᠠᠶᠢᠳᠤᠷ ᠵᠤᠬᠢᠴᠠᠭᠤᠯᠵᠤ᠂ ᠰᠦᠨᠢᠵᠢᠨ ᠰᠠᠭᠤᠬᠤ ᠦᠭᠡᠢ᠂ ᠰᠢᠨᠵᠢᠯᠡᠬᠦ ᠤᠬᠠᠭᠠᠨᠴᠢ ᠪᠠᠷ ᠵᠤᠬᠢᠰᠳᠠᠢ ᠳᠠᠮᠢᠷ ᠤᠨ ᠬᠦᠳᠡᠯᠭᠡᠭᠡᠨ ᠬᠢᠵᠦ᠂ᠢᠳᠡᠭᠡᠨ ᠤᠮᠳᠠᠭᠠᠨ ᠢᠶᠠᠨ ᠳᠢᠭ ᠲᠠᠢ ᠪᠠᠶᠢᠯᠭᠠᠨ᠂ ᠰᠠᠶᠢᠨ ᠵᠠᠵᠢᠯᠵᠤ ᠳᠠᠶᠢᠪᠤᠩ ᠵᠠᠯᠭᠢᠨ᠂ ᠭᠡᠳᠦᠷᠡᠳᠡᠯ᠎ᠠ ᠢᠳᠡᠵᠦ ᠤᠤᠭᠤᠬᠤ ᠶᠢ ᠴᠡᠭᠡᠷᠯᠡᠬᠦ ᠭᠡᠷᠡᠭᠳᠡᠢ᠃ ᠤᠷᠳᠤ ᠬᠤᠭᠤᠴᠠᠭ᠎ᠠ ᠪᠠᠷ ᠬᠤᠭᠤᠯᠠ ᠢᠳᠡᠬᠦ ᠦᠭᠡᠢ ᠪᠤᠯ ᠬᠤᠳᠤᠭᠤᠳᠤ ᠬᠤᠭᠤᠰᠤᠨ ᠠᠵᠢᠯᠯᠠᠵᠤ᠂ ᠬᠤᠳᠤᠭᠤᠳᠤᠨ ᠬᠦᠴᠢᠯ ᠤᠨ ᠱᠦᠭᠦᠷᠡᠯ ᠨᠢ ᠠᠷᠪᠢᠳᠪᠠᠯ ᠬᠤᠳᠤᠭᠤᠳᠤ ᠶᠢ ᠡᠪᠡᠳᠭᠡᠨ᠎ᠠ᠃ ᠭᠡᠳᠦᠷᠡᠳᠡᠯ᠎ᠠ ᠢᠳᠡᠵᠦ ᠤᠤᠭᠤᠪᠠᠯᠬᠤᠳᠤᠭᠤᠳᠤᠨ ᠤ ᠳᠠᠭᠠᠭᠠᠴᠠ ᠠᠴᠠ ᠤᠭᠵᠤᠮ ᠳᠠᠪᠠᠵᠤ᠂ ᠳᠦᠷᠭᠡᠨ ᠢᠶᠠᠷ ᠬᠤᠳᠤᠭᠤᠳᠤ ᠶᠢ ᠳᠡᠯᠡᠭᠳᠡᠭᠦᠯᠵᠦ᠂ ᠬᠤᠳᠤᠭᠤᠳᠤᠭᠡᠳᠡᠰᠦᠨ ᠤ ᠬᠡᠪ ᠤᠨ ᠰᠢᠩᠭᠡᠭᠡᠯᠳᠡ ᠶᠢᠨ ᠠᠵᠢᠯᠯᠠᠭ᠎ᠠ ᠶᠢ ᠰᠠᠮᠠᠭᠤᠷᠠᠭᠤᠯᠵᠤ᠂ ᠬᠦᠨᠳᠦ ᠨᠢ ᠬᠤᠳᠤᠭᠤᠳᠤᠨ ᠠᠴᠠ ᠴᠢᠰᠦ ᠭᠠᠷᠬᠤ ᠪᠠᠶᠢᠳᠠᠯ ᠳᠤ ᠴᠤ ᠬᠦᠷᠴᠦ ᠮᠡᠳᠡᠨ᠎ᠠ᠃ ᠰᠠᠶᠢᠨ ᠵᠠᠵᠢᠯᠵᠤ ᠳᠠᠶᠢᠪᠤᠩ ᠵᠠᠯᠬᠢᠬᠤ ᠨᠢ ᠢᠳᠡᠭᠡᠨ ᠢ ᠬᠦᠢᠴᠡᠳ ᠳᠠᠯᠬᠠᠳᠠᠵᠤ᠂ ᠬᠤᠳᠤᠭᠤᠳᠤᠨ ᠤ ᠰᠢᠩᠭᠡᠭᠡᠯᠳᠡ ᠶᠢᠨ ᠳᠠᠷᠤᠭᠠᠰᠤ ᠶᠢ ᠪᠠᠭᠤᠷᠠᠭᠤᠯᠬᠤ ᠪᠠᠷ ᠪᠠᠷᠠᠬᠤ ᠦᠭᠡᠢ ᠭᠡᠳᠦ ᠠᠷᠪᠢᠨ ᠬᠡᠢ ᠬᠤᠳᠤᠭᠤᠳᠤᠨ ᠳᠤᠤᠷᠤᠬᠤ ᠶᠢ ᠬᠤᠷᠢᠬᠯᠠᠵᠤ ᠬᠤᠳᠤᠭᠤᠳᠤ ᠬᠦᠭᠡᠭᠡᠬᠦ᠂ ᠭᠡᠭᠡᠷᠡᠬᠦ ᠠᠴᠠ ᠵᠠᠶᠢᠯᠠᠰᠬᠢᠵᠤ ᠪᠤᠯᠦᠨ᠎ᠠ᠃    ᠳᠠᠪᠤᠰᠤ ᠶᠡᠬᠡᠳᠡᠢ᠂ ᠬᠦᠢᠳᠡᠨ ᠳᠦᠭᠦᠬᠡᠢ ᠢᠳᠡᠭᠡᠨ ᠢᠳᠡᠬᠦ ᠦᠭᠡᠢ᠃ ᠤᠳᠤᠭᠰᠠᠨ᠂ ᠳᠠᠪᠤᠰᠤᠯᠠᠬᠰᠠᠨ ᠢᠳᠡᠭᠡᠨ ᠪᠠᠭ᠎ᠠ ᠢᠳᠡ᠂ᠡᠳᠡᠭᠡᠷ ᠳᠠᠪᠤᠰᠤ ᠶᠡᠭᠡ ᠢᠳᠡᠭᠡᠨ ᠨᠢ ᠬᠤᠳᠤᠭᠤᠳᠤᠨ ᠤ ᠰᠠᠯᠢᠰᠤᠳᠤ ᠪᠦᠷᠭᠦᠪᠴᠢ ᠶᠢ ᠰᠢᠭᠤᠳ ᠬᠤᠬᠢᠷᠠᠭᠤᠯᠵᠤ᠂ ᠬᠤᠳᠤᠭᠤᠳᠤᠨ ᠤᠦᠮᠡᠨ ᠤ ᠠᠶᠤᠯ ᠢ ᠨᠡᠮᠡᠭᠳᠡᠭᠦᠯᠳᠡᠭ᠃ ᠬᠦᠢᠳᠡᠨ ᠳᠦᠭᠦᠬᠡᠢ ᠢᠳᠡᠭᠡᠨ ᠨᠢ ᠬᠤᠳᠤᠭᠤᠳᠤᠨ ᠤ ᠳᠤᠯᠠᠭᠠᠨ ᠢ ᠳᠦᠷᠭᠡᠨ ᠢᠶᠠᠷ ᠪᠠᠭᠤᠷᠠᠭᠤᠯᠵᠤ᠂ ᠴᠢᠰᠦᠨ ᠤ ᠡᠷᠭᠢᠯᠳᠡ ᠶᠢ ᠨᠢ ᠪᠠᠭᠠᠰᠬᠠᠨ᠂ ᠴᠢᠳᠠᠪᠬᠢ ᠶᠢᠨ ᠳᠡᠩᠴᠡᠭᠦᠷᠢ ᠶᠢ ᠠᠯᠳᠠᠭᠳᠠᠭᠤᠯᠳᠠᠭ᠃ ᠰᠢᠨ᠎ᠠ ᠰᠤᠷᠭᠤᠭ ᠂ ᠴᠡᠪᠡᠷ᠂ ᠪᠦᠯᠢᠶᠡᠨ ᠵᠦᠭᠡᠯᠡᠨ ᠢᠳᠡᠭᠡᠨ ᠢᠳᠡᠬᠦ ᠶᠢ ᠠᠩᠬᠠᠷᠴᠤ᠂ ᠬᠤᠭᠤᠯᠠ ᠬᠢᠬᠦ ᠳᠡᠭᠡᠨ ᠳᠠᠪᠤᠰᠤ ᠳᠤᠰᠤ ᠶᠢ ᠬᠡᠮᠵᠢᠶ᠎ᠠ ᠲᠠᠢᠭᠡᠷᠡᠭᠯᠡᠬᠦ ᠶᠢ ᠬᠢᠴᠢᠶᠡᠪᠡᠯ ᠵᠤᠬᠢᠨ᠎ᠠ᠃ ᠤᠷᠮ᠎ᠠ ᠰᠡᠳᠭᠢᠯᠭᠡ ᠪᠠᠶᠠᠰᠤᠩᠭᠤᠢ ᠪᠠᠶᠢᠬᠤ ᠶᠢ ᠠᠩᠬᠠᠷ᠃ ᠤᠷᠮ᠎ᠠ ᠰᠡᠳᠭᠢᠯᠭᠡ ᠶᠢᠨ ᠬᠤᠪᠢ ᠳᠤ ᠢᠳᠡᠪᠬᠢ ᠲᠠᠢ ᠪᠠᠶᠢᠬᠤ ᠨᠢᠰᠡᠳᠭᠢᠯ ᠰᠠᠨᠠᠭᠠᠨ ᠠᠴᠠ ᠪᠤᠯᠤᠭᠰᠠᠨ ᠴᠢᠳᠠᠪᠬᠢ ᠶᠢᠨ ᠴᠢᠨᠠᠷᠳᠠᠢ ᠬᠤᠳᠤᠭᠤᠳᠤ ᠭᠡᠳᠡᠰᠦᠨ ᠤ ᠡᠪᠡᠳᠴᠢᠨ ᠳᠤ ᠨᠡᠷᠪᠡᠭᠳᠡᠬᠦ ᠠᠶᠤᠯ ᠢ ᠪᠠᠭᠤᠷᠠᠭᠤᠯᠳᠠᠭ︔ ᠵᠤᠪᠠᠭ᠋ᠤ᠂ ᠪᠤᠬᠢᠨᠢᠳᠤᠬᠤ ᠮᠡᠳᠦ ᠶᠢᠨ ᠤᠷᠮ᠎ᠠ ᠰᠡᠳᠭᠢᠯᠭᠡ ᠶᠢᠨ ᠨᠠᠵᠠᠭᠠᠢ ᠪᠠᠶᠢᠳᠠᠯ ᠠᠴᠠ ᠬᠤᠯᠠ ᠪᠠᠶᠢᠪᠠᠯ᠂ᠬᠤᠳᠤᠭᠤᠳᠤᠨ ᠤ ᠡᠷᠡᠭᠦᠯ ᠮᠡᠨᠳᠦ ᠳᠤ ᠳᠤᠰᠠᠳᠠᠢ ᠪᠠᠶᠢᠳᠠᠭ᠃ ᠳᠡᠭᠡᠷ᠎ᠡ ᠶᠠᠷᠢᠬᠰᠠᠨ ᠲᠦᠷᠪᠡᠨ ᠳᠠᠯ᠎ᠠ ᠠᠴᠠ ᠭᠠᠳᠠᠨ᠎ᠠ᠂ ᠳᠠᠮᠠᠬᠢ ᠳᠠᠳᠠᠬᠤ ᠪᠠᠨ ᠪᠤᠯᠢᠵᠤ᠂ ᠠᠷᠢᠬᠢ ᠶᠢ ᠬᠡᠮᠵᠢᠶ᠎ᠠ ᠲᠠᠢ ᠤᠤᠭᠤᠵᠤ᠂ᠭᠠᠰᠢᠭᠤᠨ ᠴᠠᠢ ᠦᠳᠭᠡᠨ ᠺᠤᠹᠧ ᠪᠠᠭ᠎ᠠ ᠤᠤᠭᠤᠨ᠂ ᠪᠢᠩᠯᠠᠩ ᠠᠴᠠ ᠬᠤᠯᠠ ᠪᠠᠶᠢᠭᠠᠷᠠᠢ ᠭᠡᠵᠦ ᠳᠤᠰᠬᠠᠢ ᠮᠡᠷᠭᠡᠵᠢᠯᠳᠡᠳ ᠰᠠᠨᠠᠭᠤᠯᠵᠤᠪᠠᠶᠢᠨ᠎ᠠ᠃          


▲  ᠦᠪᠡᠷ ᠤᠨ ᠪᠠᠶᠢᠳᠠᠯ ᠳᠠᠭᠠᠨ ᠳᠤᠬᠢᠷᠠᠭᠤᠯᠵᠤ ᠰᠤᠪᠢᠯᠠᠨ᠎ᠠ    


    ᠬᠤᠳᠤᠭᠤᠳᠤ ᠪᠠᠨ ᠰᠤᠪᠢᠯᠠᠨ᠎ᠠ ᠭᠡᠵᠦ ᠶᠠᠷᠢᠬᠤ ᠠᠴᠠ ᠪᠢᠰᠢ᠂ ᠶᠠᠭᠠᠬᠢᠵᠤ ᠰᠤᠪᠢᠯᠠᠪᠠᠯ ᠵᠤᠬᠢᠨ᠎ᠠ ᠭᠡᠳᠡᠭ ᠢ ᠰᠠᠶᠢᠨ ᠮᠡᠳᠡᠳᠡᠭ ᠬᠦᠮᠦᠨ ᠴᠦᠭᠡᠨ᠂ ᠬᠠᠷᠢᠨ ᠵᠠᠷᠢᠮ ᠶᠠᠭᠤᠮᠠᠨ ᠤ ᠦᠢᠯᠡᠳᠦᠯ ᠢ ᠰᠤᠬᠤᠷ ᠪᠠᠯᠠᠢ ᠪᠠᠷ ᠢᠳᠡᠭᠡᠭᠰᠡᠨ ᠨᠢ ᠤᠯᠠᠨ ᠪᠠᠶᠢᠳᠠᠭ᠃ 《ᠬᠦᠮᠦᠨᠬᠦᠮᠦᠨ ᠤ ᠬᠤᠳᠤᠭᠤᠳᠤ ᠪᠠᠨ ᠰᠤᠪᠢᠯᠠᠬᠤ ᠱᠠᠭᠠᠷᠳᠠᠯᠭ᠎ᠠ ᠨᠢ ᠠᠳᠠᠯᠢ ᠦᠭᠡᠢ ᠪᠠᠶᠢᠳᠠᠭ᠂ ᠠᠳᠠᠯᠢᠬᠠᠨ ᠠᠷᠭ᠎ᠠ ᠪᠤᠶᠤ ᠢᠳᠡᠭᠡᠨ ᠢ ᠠᠳᠠᠯᠢᠪᠤᠰᠤ ᠡᠪᠡᠳᠴᠢᠳᠠᠨ ᠳᠤ ᠠᠳᠠᠯᠢ ᠪᠤᠰᠤ ᠪᠠᠷ ᠭᠡᠷᠡᠭᠯᠡᠬᠦ ᠭᠡᠷᠡᠭᠳᠡᠢ ᠪᠠᠶᠢᠳᠠᠭ》 ᠭᠡᠵᠦ ᠳᠠᠩ ᠬᠤᠩ ᠸᠧᠢ ᠶᠠᠷᠢᠵᠤ ᠪᠠᠶᠢᠨ᠎ᠠ᠃ᠳᠤᠳᠤᠷᠭ᠎ᠠ ᠶᠢᠨ ᠰᠢᠩᠭᠡᠨ ᠪᠤᠳᠠᠭ᠎ᠠ᠂ ᠪᠤᠳᠠᠭᠠᠨ ᠤ ᠵᠤᠳᠠᠩ᠂ ᠭᠤᠯᠢᠷ ᠲᠠᠢ ᠱᠦᠯᠦ ᠬᠤᠳᠤᠭᠤᠳᠤ ᠶᠢ ᠬᠠᠮᠠᠭᠠᠯᠠᠳᠠᠭ᠂ ᠳᠡᠶᠢᠮᠦᠤᠤ︖ ᠳᠤᠳᠤᠷᠭ᠎ᠠ ᠶᠢᠨ ᠰᠢᠩᠭᠡᠨ ᠪᠤᠳᠠᠭ᠎ᠠ᠂ ᠪᠤᠳᠠᠭᠠᠨ ᠤ ᠵᠤᠳᠠᠩ᠂ ᠭᠤᠯᠢᠷ ᠲᠠᠢ ᠱᠦᠯᠦ ᠵᠡᠷᠭᠡ ᠶᠢ ᠭᠤᠤᠯ ᠬᠤᠭᠤᠯᠠ ᠪᠤᠯᠭᠠᠵᠤᠢᠳᠡᠬᠦ ᠨᠢ ᠴᠢᠳᠠᠪᠬᠢ ᠶᠢᠨ ᠴᠢᠨᠠᠷᠳᠠᠢ ᠰᠢᠩᠭᠡᠭᠡᠯᠳᠡ ᠮᠠᠭᠤᠳᠠᠬᠤ ᠪᠠᠶᠢᠳᠠᠯ ᠲᠠᠢ ᠡᠪᠡᠳᠴᠢᠳᠠᠨ ᠳᠤ ᠠᠪᠴᠤ ᠬᠡᠯᠡᠪᠡᠯ ᠵᠤᠬᠢᠰᠳᠠᠢ ᠠᠷᠭ᠎ᠠ ᠬᠡᠮᠵᠢᠶ᠎ᠠ ᠪᠤᠯᠤᠨ᠎ᠠ᠃ ᠡᠳᠡᠭᠡᠷ ᠢᠳᠡᠭᠡᠨ ᠳᠤ ᠴᠠᠷᠳᠠᠭᠤᠯ ᠡᠯᠪᠡᠭ ᠠᠭᠤᠯᠤᠭᠳᠠᠳᠠᠭ ᠪᠤᠯᠬᠤᠷ ᠰᠢᠩᠭᠡᠭᠡᠯᠳᠡ ᠶᠢᠨ ᠰᠢᠰᠲ᠋ᠧᠮ ᠤᠨᠴᠢᠳᠠᠪᠬᠢ ᠶᠢ ᠰᠡᠯᠪᠢᠬᠦ ᠦᠢᠯᠡᠳᠦᠯ ᠲᠠᠢ᠂ ᠬᠤᠳᠤᠭᠤᠳᠤ ᠭᠡᠳᠡᠰᠦᠨ ᠳᠠᠬᠢ ᠠᠰᠢᠬᠳᠤ ᠪᠠᠺᠲ᠋ᠧᠷᠢ ᠶᠢᠨ ᠳᠡᠩᠴᠡᠭᠦᠷᠢ ᠶᠢ ᠪᠠᠳᠤᠯᠠᠬᠤ ᠳᠤᠠᠰᠢᠬᠳᠠᠢ ᠪᠠᠶᠢᠵᠤ ᠬᠦᠮᠦᠨ ᠤ ᠪᠡᠶ᠎ᠡ ᠳᠤ ᠡᠨᠧᠷᠭᠢ ᠬᠠᠩᠭᠠᠳᠠᠭ᠃ ᠭᠡᠪᠡᠴᠦ ᠬᠤᠳᠤᠭᠤᠳᠤᠨ ᠤ ᠭᠡᠰᠡᠭ ᠤᠨ ᠬᠠᠪᠤᠳᠠᠷ᠂ ᠦᠷᠪᠢᠰᠦᠯ ᠪᠠ ᠰᠢᠷᠬᠠᠯᠠᠭ᠎ᠠ ᠶᠢᠨ ᠡᠪᠡᠳᠴᠢᠳᠠᠨ ᠳᠤ ᠠᠪᠴᠤ ᠬᠡᠯᠡᠪᠡᠯ ᠳᠤᠳᠤᠷᠭ᠎ᠠ ᠶᠢᠨ ᠰᠢᠩᠭᠡᠨ ᠪᠤᠳᠠᠭ᠎ᠠ᠂ ᠪᠤᠳᠠᠭᠠᠨ ᠤ ᠵᠤᠳᠠᠩ᠂ ᠭᠤᠯᠢᠷ ᠲᠠᠢᠱᠦᠯᠦ ᠵᠡᠷᠭᠡ ᠶᠢ ᠢᠳᠡᠬᠦ ᠶᠢ ᠵᠦᠪᠬᠡᠨ ᠡᠮᠴᠢᠯᠡᠭᠡᠨ ᠤ ᠬᠠᠪᠰᠤᠷᠤᠮᠵᠢ ᠪᠤᠯᠭᠠᠵᠤ᠂ ᠡᠮ ᠪᠠ ᠪᠤᠰᠤᠳ ᠡᠮᠴᠢᠯᠡᠭᠡᠨ ᠤ ᠮᠡᠷᠭᠡᠵᠢᠯ ᠤᠨᠵᠠᠰᠠᠯᠳᠠ ᠲᠠᠢ ᠤᠶᠠᠯᠳᠤᠭᠤᠯᠤᠬᠰᠠᠨ ᠰᠤᠪᠢᠯᠠᠭ᠎ᠠ ᠪᠠᠷ ᠦᠵᠡᠵᠦ ᠪᠤᠯᠤᠨ᠎ᠠ᠃ ᠡᠭᠦᠨ ᠠᠴᠠ ᠭᠠᠳᠠᠨ᠎ᠠ᠂ ᠳᠤᠳᠤᠷᠭ᠎ᠠ ᠶᠢᠨ ᠰᠢᠩᠭᠡᠨ ᠪᠤᠳᠠᠭ᠎ᠠ᠂ ᠪᠤᠳᠠᠭᠠᠨ ᠤ ᠵᠤᠳᠠᠩ᠂ ᠭᠤᠯᠢᠷ ᠲᠠᠢ ᠱᠦᠯᠦ ᠵᠡᠷᠭᠡ ᠢᠳᠡᠭᠡᠨ ᠤ ᠭᠤᠤᠯ ᠪᠦᠷᠢᠯᠳᠤᠭᠦᠨ ᠨᠢ ᠨᠡᠭᠦᠷᠡᠰᠦ ᠤᠰᠤᠨ ᠤ ᠨᠢᠭᠡᠳᠪᠦᠷᠢ ᠪᠤᠯᠬᠤᠷ ᠬᠤᠳᠤᠭᠤᠳᠤᠨ ᠤ ᠡᠪᠡᠳᠴᠢᠨ ᠲᠠᠢ ᠰᠢᠬᠢᠷ ᠰᠢᠵᠢᠩ ᠡᠪᠡᠳᠴᠢᠳᠠᠨ ᠪᠠᠶᠢᠩᠭᠤ ᠢᠳᠡᠵᠤ ᠪᠤᠯᠬᠤ ᠦᠭᠡᠢ᠃      ᠵᠦᠭᠡᠢ ᠶᠢᠨ ᠰᠢᠭᠦᠷᠡᠰᠦ᠂ ᠠᠰᠢᠬᠳᠤ ᠪᠠᠺᠲ᠋ᠧᠷᠢ ᠶᠢᠨ ᠡᠮ ᠨᠢ ᠰᠢᠩᠭᠡᠭᠡᠯᠳᠡ ᠶᠢ ᠠᠬᠢᠭᠤᠯᠳᠠᠭ ᠤᠤ︖ ᠡᠳᠡᠭᠡᠷ ᠰᠢᠮ᠎ᠡᠳᠡᠵᠢᠭᠡᠯ ᠤᠨ ᠢᠳᠡᠭᠡᠨ ᠨᠢ ᠬᠤᠳᠤᠭᠤᠳᠤ ᠶᠢ ᠰᠤᠪᠢᠯᠠᠬᠤ ᠳᠤ ᠵᠤᠬᠢᠬᠤ ᠰᠠᠶᠢᠨ ᠳᠠᠯ᠎ᠠ ᠲᠠᠢ ᠪᠠᠶᠢᠳᠠᠭ᠂ ᠭᠡᠪᠡᠴᠦ ᠴᠠᠭ ᠲᠠᠢᠬᠡᠮᠵᠢᠶ᠎ᠠ ᠲᠠᠢ ᠢᠳᠡᠬᠦ ᠶᠢ ᠠᠩᠬᠠᠷᠬᠤ ᠭᠡᠷᠡᠭᠳᠡᠢ᠃ ᠠᠰᠢᠬᠳᠤ ᠪᠠᠺᠲ᠋ᠧᠷᠢ ᠶᠢᠨ ᠤᠷᠳᠤ ᠬᠤᠭᠤᠴᠠᠭ᠎ᠠ ᠪᠠᠷ ᠪᠡᠶ᠎ᠡ ᠶᠢᠨ ᠭᠠᠳᠠᠨ᠎ᠠ ᠠᠴᠠᠨᠦᠬᠦᠪᠠᠯ᠂ ᠬᠦᠮᠦᠨ ᠤ ᠪᠡᠶ᠎ᠡ ᠳᠤ ᠪᠠᠺᠲ᠋ᠧᠷᠢ ᠶᠢᠨ ᠡᠮ ᠢ ᠳᠠᠭᠠᠭᠠᠬᠤ ᠭᠠᠵᠢ ᠦᠢᠯᠡᠳᠦᠯ ᠭᠠᠷᠭᠠᠬᠤ ᠠᠶᠤᠯ ᠲᠠᠢ ᠪᠠᠶᠢᠳᠠᠭ᠂ ᠳᠡᠶᠢᠮᠦ ᠠᠴᠠ ᠡᠮᠴᠢ ᠶᠢᠨ ᠵᠢᠯᠤᠭᠤᠳᠤᠯᠭ᠎ᠠ ᠶᠢ ᠰᠤᠨᠤᠰᠬᠤ ᠭᠡᠷᠡᠭᠳᠡᠢ᠃ ᠦᠨᠢᠶᠡᠨ ᠰᠦ᠂ ᠪᠢᠩᠭᠠᠨ ᠬᠤᠳᠤᠭᠤᠳᠤᠨ ᠤ ᠰᠠᠯᠢᠰᠤᠳᠤ ᠪᠦᠷᠭᠦᠪᠴᠢ ᠶᠢ ᠬᠠᠮᠠᠭᠠᠯᠠᠨ᠎ᠠ ᠤᠤ︖ ᠬᠤᠳᠤᠭᠤᠳᠤᠨᠡᠪᠡᠳᠴᠢᠳᠠᠨ ᠳᠤ ᠰᠢᠷ᠎ᠠ ᠬᠤᠰᠤᠬᠤ ᠬᠤᠳᠤᠭᠤᠳᠤ ᠬᠦᠭᠡᠭᠡᠬᠦ ᠪᠠᠶᠢᠳᠠᠯ ᠭᠠᠷᠬᠤ ᠦᠶ᠎ᠠ ᠳᠤ ᠬᠠᠯᠠᠭᠤᠨ ᠰᠦ ᠤᠤᠭᠤᠪᠠᠯ ᠡᠪᠡᠳᠴᠢᠨ ᠤᠪᠠᠶᠢᠳᠠᠯ ᠢ ᠨᠠᠮᠳᠠᠭᠤᠯᠳᠠᠭ᠃ ᠡᠨᠡ ᠨᠢ ᠦᠨᠢᠶᠡᠨ ᠰᠦ ᠬᠤᠳᠤᠭᠤᠳᠤᠨ ᠤ ᠬᠦᠴᠢᠯ ᠢ ᠰᠢᠩᠭᠡᠷᠡᠭᠦᠯᠵᠦ᠂ ᠦᠨᠢᠶᠡᠨ ᠰᠦ ᠳᠠᠬᠢ ᠤᠭᠤᠷᠠᠭ ᠨᠢ ᠬᠤᠳᠤᠭᠤᠳᠤᠨ ᠤ ᠰᠠᠯᠢᠰᠤᠳᠤ ᠪᠦᠷᠭᠦᠪᠴᠢ ᠶᠢᠨ ᠭᠠᠳᠠᠷᠭᠤ ᠳᠤ ᠳᠦᠷ ᠴᠠᠭ ᠤᠨ ᠬᠠᠮᠠᠭᠠᠯᠠᠬᠤ ᠪᠦᠷᠭᠦᠪᠴᠢ ᠶᠢ ᠪᠤᠢᠪᠤᠯᠭᠠᠳᠠᠭ ᠠᠴᠠ ᠪᠤᠯᠤᠭᠰᠠᠨ ᠶᠤᠮ᠃ ᠭᠡᠪᠡᠴᠦ ᠦᠷᠭᠦᠯᠵᠢ ᠦᠨᠢᠶᠡᠨ ᠰᠦ ᠤᠤᠭᠤᠬᠤ ᠨᠢ ᠬᠤᠳᠤᠭᠤᠳᠤᠨ ᠤ ᠡᠪᠡᠳᠴᠢᠳᠠᠢᠬᠦᠮᠦᠨ ᠳᠤ ᠳᠡᠶᠢᠮᠦ ᠰᠠᠶᠢᠨ ᠪᠢᠰᠢ ᠪᠠᠶᠢᠵᠤ ᠮᠡᠳᠡᠨ᠎ᠠ᠃ ᠤᠨᠴᠠᠭᠠᠢᠢᠯᠠᠨ ᠬᠤᠳᠤᠭᠤᠳᠤᠨ ᠤ ᠰᠢᠷᠬᠠᠯᠠᠭ᠎ᠠ ᠶᠢᠨ ᠡᠪᠡᠳᠴᠢᠳᠠᠨ ᠬᠡᠷᠪᠡ ᠬᠦᠴᠢᠯ ᠢ ᠳᠠᠷᠤᠬᠤ ᠵᠠᠰᠠᠯᠭ᠎ᠠ ᠬᠢᠵᠦ ᠪᠠᠶᠢᠭ᠎ᠠ ᠪᠤᠯ ᠤᠷᠳᠤ ᠬᠤᠭᠤᠴᠠᠭ᠎ᠠ ᠪᠠᠷ ᠦᠨᠢᠶᠡᠨ ᠰᠦ ᠤᠤᠭᠤᠵᠤ ᠪᠤᠯᠬᠤ ᠦᠭᠡᠢ᠂ ᠡᠰᠡᠪᠡᠯᠡᠮᠴᠢᠯᠡᠭᠡᠨ ᠤ ᠦᠢᠯᠡᠳᠦᠯ ᠢ ᠨᠦᠯᠦᠭᠡᠯᠡᠨ᠎ᠠ᠂ ᠨᠡᠩ ᠴᠤ ᠬᠤᠳᠤᠭᠤᠳᠤᠨ ᠤ ᠰᠠᠯᠢᠰᠦᠳᠤ ᠪᠦᠷᠭᠦᠪᠴᠢ ᠶᠢᠨ ᠬᠤᠬᠢᠷᠠᠯ ᠢ ᠬᠦᠨᠳᠦᠷᠡᠭᠦᠯᠵᠦᠮᠡᠳᠡᠨ᠎ᠠ᠃ ᠵᠠᠬ᠎ᠠ ᠳᠡᠯᠭᠡᠭᠦᠷ ᠳᠡᠭᠡᠷ᠎ᠡ ᠪᠤᠷᠤᠯᠠᠭᠤᠯᠵᠤ ᠪᠠᠶᠢᠭ᠎ᠠ ᠵᠠᠷᠢᠮ ᠬᠤᠳᠤᠭᠤᠳᠤ ᠶᠢ ᠰᠤᠪᠢᠯᠠᠬᠤ ᠦᠢᠯᠡᠳᠦᠯ ᠲᠠᠢ ᠭᠡᠳᠡᠭ ᠪᠢᠩᠭᠠᠨ ᠤᠪᠦᠷᠢᠯᠳᠤᠭᠦᠨ ᠤ ᠬᠤᠪᠢ ᠳᠤ ᠠᠪᠴᠤ ᠦᠵᠡᠪᠡᠯ᠂ ᠡᠳᠡᠭᠡᠷ ᠪᠢᠩᠭᠠᠨ ᠳᠤ ᠠᠭᠤᠯᠤᠭᠳᠠᠵᠤ ᠪᠠᠶᠢᠭ᠎ᠠ ᠱᠦᠯᠳᠦᠯᠢᠭ ᠴᠢᠨᠠᠷᠳᠠᠢᠨᠡᠭᠦᠷᠡᠰᠦᠬᠦ᠋ᠴᠢᠯ ᠤᠨ ᠤᠰᠤᠳᠦ᠋ᠷᠦᠭᠴᠢᠳᠦ ᠨᠠᠲᠷᠢ ᠨᠢ ᠢᠯᠡᠭᠦᠳᠡᠭᠰᠡᠨ ᠬᠤᠳᠤᠭᠤᠳᠤᠨ ᠤ ᠬᠦᠴᠢᠯ ᠢ ᠰᠠᠭᠠᠷᠮᠠᠬᠵᠢᠭᠤᠯᠵᠤ᠂ ᠰᠢᠷ᠎ᠡ ᠬᠤᠰᠤᠬᠤ ᠪᠠᠶᠢᠳᠠᠯ ᠢ ᠨᠠᠮᠳᠠᠭᠤᠯᠳᠠᠭ᠃ ᠭᠡᠪᠡᠴᠦ ᠬᠤᠳᠤᠭᠤᠳᠤ ᠶᠢ ᠬᠠᠮᠠᠭᠠᠯᠠᠬᠤ ᠪᠤᠳᠠᠳᠠᠢ ᠦᠢᠯᠡᠳᠦᠯ ᠪᠠᠶᠢᠳᠠᠭ ᠦᠭᠡᠢ᠂ᠳᠡᠶᠢᠮᠦ ᠠᠴᠠ ᠡᠳᠡᠭᠡᠷ ᠪᠢᠩᠭᠠᠨ ᠢ ᠬᠤᠭᠤᠯᠠᠨ ᠤ ᠤᠷᠤᠨ ᠳᠤ ᠢᠳᠡᠵᠦ ᠪᠤᠯᠬᠤ ᠦᠭᠡᠢ᠂ ᠬᠠᠷᠢᠨ ᠵᠠᠷᠢᠮ ᠰᠢᠩᠭᠡᠨ ᠢᠳᠡᠭᠡᠨ ᠢᠶᠠᠷᠳᠠᠷᠤᠭᠤᠯᠵᠤ ᠢᠳᠡᠨ᠂ ᠤᠵᠢᠬ ᠬᠤᠳᠤᠭᠤᠳᠤᠨ ᠦᠷᠪᠢᠰᠦᠯ᠂ ᠬᠤᠳᠤᠭᠤᠳᠤᠨ ᠰᠢᠷᠬᠠᠯᠠᠭ᠎ᠠ ᠵᠡᠷᠭᠡ ᠡᠪᠡᠳᠴᠢᠨ ᠤ ᠢᠯᠡᠰᠢᠷᠡᠬᠤ ᠬᠤᠭᠤᠴᠠᠭᠠᠨ ᠤ ᠨᠦᠬᠦᠪᠦᠷᠢ ᠬᠤᠭᠤᠯᠠ ᠪᠤᠯᠭᠠᠵᠤ ᠪᠤᠯᠤᠨ᠎ᠠ᠃    ᠭᠠ ᠶᠢᠨ ᠱᠦᠯᠦ ᠬᠤᠳᠤᠭᠤᠳᠤ ᠶᠢ ᠳᠤᠯᠠᠭᠠᠴᠠᠭᠤᠯᠳᠠᠭ ᠤᠤ︖ ᠬᠦᠮᠦᠰ ᠳᠦᠭᠦᠬᠡᠢ ᠭᠠ ᠲᠠᠢ ᠤᠰᠤ ᠪᠤᠶᠤ ᠪᠤᠷᠮ᠎ᠠ ᠳᠦᠭᠦᠬᠡᠢ ᠭᠠ ᠲᠠᠢ ᠤᠰᠤ ᠤᠤᠭᠤᠵᠤ ᠬᠤᠳᠤᠭᠤᠳᠤ ᠪᠠᠨ ᠬᠠᠯᠠᠭᠠᠵᠤ ᠬᠦᠢᠳᠡᠨ ᠢ ᠳᠠᠭᠤᠳᠠᠭ᠃ ᠳᠦᠭᠦᠬᠡᠢ ᠭᠠ ᠨᠢ ᠭᠦᠢᠳᠡᠨᠬᠡᠢ ᠶᠢ ᠠᠷᠢᠯᠭᠠᠬᠤ ᠦᠢᠯᠡᠳᠦᠯ ᠲᠠᠢ᠂ ᠬᠠᠶᠠ ᠤᠤᠭᠤᠪᠠᠯ ᠬᠤᠳᠤᠭᠤᠳᠤ ᠶᠢ ᠳᠤᠯᠠᠭᠠᠴᠠᠭᠤᠯᠬᠤ᠂ ᠪᠦᠭᠡᠯᠵᠢᠬᠦ ᠶᠢ ᠵᠤᠬᠰᠤᠭᠠᠬᠤᠦᠢᠯᠡᠳᠦᠯ ᠲᠠᠢ ᠪᠠᠶᠢᠳᠠᠭ᠂ ᠭᠡᠪᠡᠴᠦ ᠤᠷᠳᠤ ᠬᠤᠭᠤᠴᠠᠭ᠎ᠠ ᠪᠠᠷ ᠤᠤᠭᠤᠵᠤ ᠪᠤᠯᠬᠤ ᠦᠭᠡᠢ᠃ ᠤᠴᠢᠷ ᠨᠢ ᠳᠦᠭᠦᠬᠡᠢ ᠭᠠ ᠨᠢᠰᠡᠳᠡᠯᠳᠡ ᠶᠡᠭᠡ ᠲᠠᠢ ᠢᠳᠡᠭᠡᠨ ᠳᠤ ᠪᠠᠭᠳᠠᠳᠠᠭ᠂ ᠬᠤᠳᠤᠭᠤᠳᠤᠨ ᠤ ᠡᠪᠡᠳᠴᠢᠳᠠᠢ ᠬᠦᠮᠦᠨ ᠭᠠ ᠲᠠᠢ ᠤᠰᠤ ᠠᠷᠪᠢᠨ ᠤᠤᠭᠤᠪᠠᠯ ᠬᠤᠳᠤᠭᠤᠳᠤᠨ ᠤ ᠰᠠᠯᠢᠰᠤᠳᠤ ᠪᠦᠷᠭᠦᠪᠴᠢ ᠳᠤ ᠰᠡᠳᠡᠯᠳᠡ ᠦᠭᠴᠦ ᠬᠤᠳᠤᠭᠤᠳᠤᠨ ᠬᠦᠴᠢᠯ ᠤᠨ ᠱᠦᠭᠦᠷᠡᠯᠳᠡ ᠶᠢ ᠨᠡᠮᠡᠭᠳᠡᠭᠦᠯᠵᠦᠬᠤᠳᠤᠭᠤᠳᠤᠨ ᠤ ᠡᠪᠭᠦ᠋ᠢᠷᠡᠬᠦ ᠪᠠᠶᠢᠳᠠᠯ ᠢ ᠬᠦᠨᠳᠦᠷᠡᠭᠦᠯᠦᠨ᠎ᠠ᠃    ᠬᠤᠳᠤᠭᠤᠳᠤ ᠮᠠᠭᠤ ᠪᠤᠯ ᠬᠠᠷᠠᠰᠤ ᠬᠤᠭᠤᠯᠠ ᠢᠳᠡᠪᠡᠯ ᠰᠠᠶᠢᠨ ᠭᠡᠵᠦ ᠤᠤ︖ ᠬᠦᠮᠦᠰ ᠬᠠᠷᠠᠰᠤ ᠬᠤᠭᠤᠯᠠ ᠰᠢᠩᠭᠡᠬᠦ ᠨᠢ ᠠᠮᠠᠷᠭᠡᠵᠦ ᠦᠵᠡᠭᠡᠳ ᠬᠤᠳᠤᠭᠤᠳᠤ ᠮᠠᠭᠤ ᠬᠦᠮᠦᠨ ᠬᠠᠷᠠᠰᠤ ᠬᠤᠭᠤᠯᠠ ᠢᠳᠡᠪᠡᠯ ᠰᠠᠶᠢᠨ ᠭᠡᠵᠦ ᠪᠤᠳᠤᠳᠠᠭ᠃ ᠦᠨᠡᠨ ᠳᠡᠭᠡᠨ᠂ ᠮᠢᠬᠠᠨ ᠤ ᠵᠦᠢᠯ ᠳᠤ ᠤᠷᠭᠤᠮᠠᠯ ᠤᠨ ᠳᠦᠷᠦᠯ ᠤᠨ ᠢᠳᠡᠭᠡᠨ ᠳᠤ ᠪᠠᠶᠢᠳᠠᠭ ᠦᠭᠡᠢ ᠤᠯᠠᠨ ᠵᠦᠢᠯ ᠤᠨ ᠰᠢᠮ᠎ᠡ ᠳᠡᠵᠢᠭᠡᠯᠳᠦ ᠡᠳ᠋ ᠠᠭᠤᠯᠤᠭᠳᠠᠵᠤᠪᠠᠶᠢᠳᠠᠭ᠂ ᠵᠢᠱᠢᠶᠡᠯᠡᠪᠡᠯ ᠰᠠᠶᠢᠨ ᠴᠢᠨᠠᠷ ᠤᠨ ᠤᠭᠤᠷᠠᠭ᠂ ᠵᠠᠷᠢᠮ ᠦᠭᠡᠭᠦᠨ ᠬᠦᠴᠢᠯ ᠪᠠ B ᠪᠦᠯᠦᠭ ᠤᠨ ᠸᠢᠲ᠋ᠠᠮᠢᠨ ᠠᠭᠤᠯᠤᠭᠳᠠᠵᠤᠪᠠᠶᠢᠳᠠᠭ᠃ ᠬᠤᠳᠤᠭᠤᠳᠤᠨ ᠤ ᠰᠠᠯᠢᠰᠦᠳᠦ ᠪᠦᠷᠭᠦᠪᠴᠢ ᠶᠢ ᠰᠡᠯᠪᠢᠬᠦ ᠪᠠ ᠳᠠᠬᠢᠨ ᠤᠷᠭᠤᠬᠤ ᠳᠤ ᠪᠦᠷ ᠬᠦᠷᠦᠯᠴᠡᠭᠦ᠋ᠢᠴᠡ ᠰᠠᠶᠢᠨ ᠴᠢᠨᠠᠷ ᠤᠨ ᠤᠭᠤᠷᠠᠭ ᠱᠠᠭᠠᠷᠳᠠᠭᠳᠠᠳᠠᠭ᠃ ᠬᠤᠳᠤᠭᠤᠳᠤ ᠮᠠᠭᠤ ᠬᠦᠮᠦᠨ ᠮᠢᠬ᠎ᠠ ᠶᠢ ᠵᠢᠵᠢᠭᠯᠡᠵᠦ ᠳᠠᠪᠳᠠᠭᠠᠳ ᠵᠢᠩᠨᠡᠬᠦ ᠪᠤᠶᠤ ᠴᠢᠨᠠᠵᠤᠢᠳᠡᠵᠦ ᠪᠤᠯᠤᠨ᠎ᠠ᠃   ᠪᠠᠭ᠎ᠠ ᠪᠠᠭ᠎ᠠ ᠪᠠᠷ ᠤᠯᠠᠨ ᠤᠳᠠᠭ᠎ᠠ ᠬᠤᠭᠤᠯᠠᠯᠠᠪᠠᠯ ᠰᠠᠶᠢᠨ ᠤᠤ︖ ᠠᠯᠢ ᠤᠯᠠᠨ ᠬᠤᠳᠤᠭᠤᠳᠤᠨ ᠤ ᠰᠢᠷᠬᠠᠯᠠᠭ᠎ᠠ ᠲᠠᠢᠡᠪᠡᠳᠴᠢᠳᠠᠨ 《ᠪᠠᠭ᠎ᠠ ᠪᠠᠭ᠎ᠠ ᠪᠠᠷ ᠤᠯᠠᠨ ᠤᠳᠠᠭ᠎ᠠ ᠬᠤᠭᠤᠯᠠᠯᠠᠬᠤ》 ᠠᠷᠭ᠎ᠠ ᠶᠢ ᠪᠠᠳᠤ ᠢᠳᠡᠭᠡᠳᠡᠭ᠃ ᠭᠡᠳᠡᠯ᠎ᠠ᠂ ᠢᠳᠡᠭᠡᠨ ᠨᠢ ᠬᠤᠳᠤᠭᠤᠳᠤᠨ ᠳᠤ ᠤᠷᠤᠳᠠᠭ ᠯᠡ ᠶᠤᠮ ᠪᠤᠯ ᠬᠤᠳᠤᠭᠤᠳᠤᠨ ᠤ ᠰᠠᠯᠢᠰᠤᠳᠤ ᠪᠦᠷᠭᠦᠪᠴᠢ ᠳᠤ ᠰᠡᠳᠡᠯᠳᠡ ᠦᠭᠴᠦ᠂ ᠬᠤᠳᠤᠭᠤᠳᠤᠨ ᠤ ᠬᠦᠷᠪᠡᠯᠵᠡᠨ ᠬᠦᠳᠡᠯᠬᠦ ᠨᠢ ᠳᠦᠷᠭᠡᠰᠬᠦ ᠪᠠᠷ ᠪᠠᠷᠠᠬᠤ ᠦᠭᠡᠢ᠂ ᠬᠤᠳᠤᠭᠤᠳᠤᠨ ᠬᠦᠴᠢᠯ ᠵᠢᠴᠢ ᠬᠤᠳᠤᠭᠤᠳᠤᠨ ᠤᠤᠭᠤᠷᠠᠭᠳᠤ ᠢᠰᠭᠡᠭᠦᠷ ᠤᠨ ᠱᠦᠭᠦᠷᠡᠯ ᠢ ᠨᠡᠮᠡᠭᠳᠡᠭᠦᠯᠵᠦ᠂ ᠰᠢᠷᠬᠠᠯᠠᠭ᠎ᠠ ᠶᠢᠨ ᠡᠳᠡᠭᠡᠷᠡᠯᠳᠡ ᠳᠤ ᠠᠰᠢᠬ ᠦᠭᠡᠢ ᠪᠠᠶᠢᠳᠠᠭ᠃ᠬᠤᠳᠤᠭᠤᠳᠤᠨ ᠤ ᠰᠢᠷᠬᠠᠯᠠᠭ᠎ᠠ ᠲᠠᠢ ᠡᠪᠡᠳᠴᠢᠳᠠᠨ ᠳᠤ ᠠᠪᠴᠤ ᠬᠡᠯᠡᠪᠡᠯ ᠡᠳᠦᠷ ᠤᠨ ᠭᠤᠷᠪᠠᠨ ᠡᠷᠡᠨ ᠤ ᠬᠤᠭᠤᠯᠠᠨ ᠤ ᠴᠠᠭ᠂ᠬᠡᠮᠵᠢᠶ᠎ᠠ ᠶᠢ ᠰᠠᠶᠢᠳᠤᠷ ᠪᠠᠷᠢᠮᠳᠠᠯᠠᠵᠤ᠂ ᠦᠯᠦᠰᠬᠦ ᠪᠠ ᠴᠠᠳᠬᠤᠯᠳᠠᠬᠤ ᠠᠴᠠ ᠵᠠᠶᠢᠯᠠᠰᠬᠢᠬᠦ ᠭᠡᠷᠡᠭᠳᠡᠢ᠃

ᠢᠷᠡᠯᠳᠡ : 

 ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ