ᠲᠡᠯᠡᠬᠡᠢ ᠶᠢᠨ ᠡᠷᠡᠭᠦᠯ ᠬᠠᠮᠠᠭᠠᠯᠠᠯ ᠤᠨ ᠵᠤᠭᠢᠶᠠᠨ ᠪᠠᠶᠢᠭᠤᠯᠤᠯᠲᠠ ᠡᠴᠡ ︽ᠪᠦᠬᠦ ᠲᠡᠯᠡᠬᠡᠢ ᠶᠢᠨ ᠵᠠᠯᠠᠭᠤ ᠪᠠᠭᠠᠴᠤᠳ ᠤᠨ ᠡᠷᠡᠭᠦᠯ ᠮᠡᠨᠳᠦ ᠶᠢᠨ ᠠᠰᠠᠭᠤᠳᠠᠯ︾ ᠤᠨ ᠮᠡᠳᠡᠭᠦᠯᠦᠯᠳᠡ ᠶᠢ ᠨᠡᠶᠢᠳᠡᠯᠡᠵᠡᠢ᠂ ᠲᠤᠰ ᠮᠡᠳᠡᠭᠦᠯᠦᠯᠳᠡ ᠨᠢ ᠪᠦᠬᠦ ᠲᠡᠯᠡᠬᠡᠢ ᠶᠢᠨ ︀︉10 ᠡᠴᠡ 19 ᠨᠠᠰᠤᠨ ᠤ ᠬᠤᠭᠤᠷᠤᠨᠳᠤᠬᠢ ᠵᠠᠯᠠᠭᠤ ᠪᠠᠭᠠᠴᠤᠳ ᠲᠠᠢ ᠬᠠᠮᠢᠶ᠎ᠠ ᠪᠦᠬᠦᠢ ᠶᠡᠬᠡ ᠬᠡᠮᠵᠢᠶᠡᠨ ᠤ ᠪᠠᠶᠢᠴᠠᠭᠠᠯᠲᠠ ᠶᠢᠨ ᠲᠤᠭ᠎ᠠ ᠪᠠᠷᠢᠮᠳᠠ ᠶᠢ ᠦᠨᠳᠦᠰᠦᠯᠡᠵᠦ᠂ ᠲᠤᠰ ᠪᠠᠶᠢᠴᠠᠭᠠᠯᠲᠠ ᠶᠢ ᠬᠢᠭᠰᠡᠨ ᠤ ᠭᠤᠤᠯ ᠵᠤᠷᠢᠯᠭ᠎ᠠ ᠨᠢ ᠡᠯ᠎ᠡ ᠤᠯᠤᠰ ᠵᠠᠯᠠᠭᠤ ᠪᠠᠭᠠᠴᠤᠳ ᠤᠨ ᠡᠷᠡᠭᠦᠯ ᠮᠡᠨᠳᠦ ᠶᠢᠨ ᠱᠠᠭᠠᠷᠳᠠᠯᠭ᠎ᠠ ᠶᠢ ᠬᠦᠨᠳᠦᠳᠭᠡᠨ ᠦᠵᠡᠵᠦ᠂ ᠵᠠᠯᠠᠭᠤ ᠪᠠᠭᠠᠴᠤᠳ ᠤᠨ ᠬᠦᠳᠡᠯᠭᠡᠭᠡᠨ ᠬᠢᠬᠦ ᠴᠠᠬ ᠢ ᠨᠡᠮᠡᠭᠳᠡᠭᠦᠯᠬᠦ ᠵᠤᠷᠢᠯᠭ᠎ᠠ ᠳ᠋ᠠᠭᠠᠨ ᠬᠦᠷᠬᠦ ᠶᠢᠨ ᠲᠦᠯᠦᠭᠡ ᠶᠤᠮ᠃ ᠪᠠᠶᠢᠴᠠᠭᠠᠯᠲᠠ ᠶᠢᠨ ᠦᠷ᠎ᠡ ᠳ᠋ᠦᠡᠭ ᠡᠴᠡ ᠤᠯᠵᠦ ᠮᠡᠳᠡᠭᠰᠡᠨ ᠨᠢ᠂ ᠭᠦᠢᠴᠡᠳ ᠬᠡᠮᠵᠢᠶᠡᠨ ᠤ ᠬᠦᠳᠡᠯᠭᠡᠭᠡᠨ ᠬᠢᠵᠦ ᠪᠠᠶᠢᠭ᠎ᠠ ᠵᠠᠯᠠᠭᠤ ᠪᠠᠭᠠᠴᠤᠳ ᠨᠢ 1/4  ᠳ᠋ᠦ ᠴᠦ ᠬᠦᠷᠬᠦ ᠦᠭᠡᠢ ᠪᠠᠶᠢᠬᠤ ᠪᠡᠷ ᠪᠠᠷᠠᠬᠤ ᠦᠭᠡᠢ᠂ ᠵᠠᠷᠢᠮ ᠤᠯᠤᠰ ᠤᠨ ᠮᠠᠷᠢᠶᠠᠯᠢᠬ ᠵᠠᠯᠠᠭᠤ ᠪᠠᠭᠠᠴᠤᠳ ᠤᠨ ᠬᠠᠷᠢᠴᠠᠯ ᠨᠢ 1/3 ᠢ ᠡᠵᠡᠯᠡᠵᠦ ᠪᠠᠶᠢᠨ᠎ᠠ᠃

 ᠡᠨᠡᠬᠦ ᠠᠰᠠᠭᠤᠳᠠᠯ ᠳ᠋ᠦ ᠬᠠᠨᠳᠤᠭᠤᠯᠤᠨ ᠲᠤᠰᠬᠠᠢ ᠮᠡᠷᠭᠡᠵᠢᠯᠲᠡᠨ ᠵᠢᠭᠠᠨ ᠭᠠᠷᠭᠠᠬᠰᠠᠨ ᠨᠢ᠂ ᠮᠠᠷᠢᠶᠠᠯᠢᠬ ᠵᠡᠷᠭᠡ ᠤᠳᠠᠭᠠᠨ ᠴᠢᠨᠠᠷᠲᠠᠢ ᠡᠪᠡᠳᠴᠢᠨ ᠨᠢ ᠵᠠᠯᠠᠭᠤ ᠪᠠᠭᠠᠴᠤᠳ ᠤᠨ ᠬᠦᠳᠡᠯᠭᠡᠭᠡᠨ ᠳᠤᠲᠠᠬᠳᠠᠵᠦ ᠪᠠᠶᠢᠭ᠎ᠠ ᠲᠠᠢ ᠨᠢᠬᠳᠠ ᠬᠤᠯᠪᠤᠭ᠎ᠠ ᠲᠠᠢ᠃ ᠰᠤᠷᠭᠠᠭᠤᠯᠢ ᠳ᠋ᠦ ᠰᠠᠭᠤᠭ᠎ᠠ ᠬᠡᠤᠬᠡᠳ ᠤᠳ ᠨᠡᠯᠢᠶᠡᠳ ᠶᠡᠬᠡ ᠰᠤᠷᠤᠯᠭ᠎ᠠ ᠶᠢᠨ ᠲᠠᠷᠤᠭᠠᠰᠦ ᠶᠢ ᠡᠭᠦᠷᠭᠡᠯᠡᠵᠦ᠂ ᠤᠯᠠᠡᠭᠬᠢ ᠴᠠᠬ ᠢᠶᠡᠨ ᠰᠤᠶᠤᠯ ᠤᠨ ᠬᠢᠴᠢᠶᠡᠯ ᠰᠤᠷᠤᠯᠴᠠᠬᠤ ᠲᠡᠭᠡᠷ᠎ᠡ ᠵᠠᠷᠤᠴᠠᠭᠤᠯᠵᠦ᠂ ᠦᠨᠡᠨᠬᠦ ᠲᠠᠮᠢᠷ ᠤᠨ ᠳᠠᠪᠲᠠᠨ ᠪᠤᠯᠪᠠᠰᠤᠷᠠᠭᠤᠯᠤᠯᠲᠠ ᠳ᠋ᠦ ᠵᠠᠷᠤᠴᠠᠭᠤᠯᠵᠦ ᠪᠠᠶᠢᠭ᠎ᠠ ᠴᠠᠬ ᠨᠢ ᠮᠠᠰᠢ ᠪᠠᠭ᠎ᠠ᠃ ᠲᠡᠭᠡᠬᠦ ᠮᠦᠷᠳᠡᠬᠡᠨ ᠤᠳᠤᠬᠠᠨ ᠤ ᠭᠡᠷ ᠪᠦᠯᠢ ᠳ᠋ᠦ ᠬᠡᠤᠬᠡᠳ ᠨᠢ ᠡᠵᠢ ᠠᠪᠤ ᠶᠢᠨ ᠢᠶᠡᠨ ᠠᠮᠢᠨ ᠡᠷᠳᠡᠨᠢ ᠪᠠᠶᠢᠵᠦ᠂ ᠭᠡᠷ ᠤᠨ ᠠᠬᠠᠮᠠᠳ ᠡᠴᠡ ᠬᠡᠤᠬᠡᠳ ᠢᠶᠡᠨ ᠰᠤᠷᠭᠠᠭᠤᠯᠢ ᠡᠴᠡ ᠨᠢ ᠲᠤᠰᠤᠨ ᠬᠦᠷᠭᠡᠵᠦ᠂ ᠭᠡᠷ ᠵᠠᠭᠤᠷ᠎ᠠ ᠶᠢᠨ ᠠᠷᠰᠠᠷ ᠠᠵᠢᠯ ᠢ ᠤᠬᠳᠤᠬᠠᠨ ᠴᠦ ᠬᠢᠯᠭᠡᠬᠦ ᠦᠭᠡᠢ᠂ ᠬᠡᠤᠬᠡᠳ ᠨᠢ ᠰᠤᠯᠠ ᠰᠡᠯᠡᠭᠦᠦ ᠴᠠᠬ ᠢᠶᠡᠷ ᠢᠶᠡᠨ ᠡᠯᠧᠺᠲᠷᠦᠨ ᠲᠤᠬᠯᠠᠭᠠᠮ ᠨᠠᠭᠠᠳᠴᠦ᠂ ᠤᠳᠠᠭᠠᠨ ᠴᠠᠬ ᠢᠶᠡᠷ ᠰᠠᠭᠤᠵᠦ ᠪᠠᠶᠢᠳᠠᠬ ᠡᠴᠡ ᠬᠦᠳᠡᠯᠭᠡᠭᠡᠨ ᠬᠢᠬᠦ ᠴᠠᠬ ᠨᠢ ᠶᠡᠬᠡᠪᠡᠷ ᠪᠤᠭᠤᠨᠢᠰᠴᠦ ᠪᠤᠢ᠃ ᠡᠭᠦᠨ ᠡᠴᠡ ᠭᠠᠳᠠᠨ᠎ᠠ᠂ ᠭᠡᠷ︉ ᠤᠨ ᠠᠬᠠᠮᠠᠳ ᠬᠡᠤᠬᠡᠳ ᠤᠨ ᠢᠶᠡᠨ ᠦᠰᠦᠨ ᠪᠤᠶᠢᠵᠢᠯᠲᠠ ᠠᠨᠠᠢ ᠪᠠᠶᠢᠬᠤ ᠡᠴᠡ ᠡᠮᠢᠶᠡᠵᠦ ᠭᠤᠷᠪᠠᠨ ᠡᠷᠡᠨ ᠤ ᠬᠤᠭᠤᠯᠠᠨ ᠳ᠋ᠦ ᠦᠨᠳᠦᠷ ᠤᠭᠤᠷᠠᠬ᠂ ᠦᠨᠳᠦᠷ ᠡᠨᠧᠷᠭᠢ ᠲᠠᠢ ᠢᠳᠡᠭᠡᠨ ᠲᠤᠬᠢᠷᠠᠭᠤᠯᠵᠦ᠂ ᠰᠢᠮ᠎ᠡ ᠲᠡᠵᠢᠭᠡᠯ ᠬᠡᠳᠦ ᠢᠯᠡᠭᠦᠳᠡᠭᠰᠡᠨ ᠡᠴᠡ ᠮᠠᠷᠢᠶᠠᠯᠠᠬᠤ ᠨᠤᠷᠮ᠎ᠠ ᠶᠢ ᠨᠡᠡᠭ ᠬᠤᠷᠳᠤᠰᠬᠠᠵᠦ ᠪᠤᠢ᠃

 ᠲᠤᠰᠬᠠᠢ ᠮᠡᠷᠭᠡᠵᠢᠯᠲᠡᠨ ᠡᠴᠡ ᠰᠠᠨᠠᠭᠤᠯᠤᠬᠰᠠᠨ ᠨᠢ᠂ ᠭᠡᠷ ᠤᠨ ᠠᠬᠠᠮᠠᠳ ᠪᠤᠯᠤᠬᠰᠠᠳ ᠡᠴᠡ ᠬᠡᠤᠬᠡᠳ ᠢᠶᠡᠨ ᠡᠳᠦᠷ ᠪᠤᠯᠭᠠᠨ ᠠᠳᠠᠬ ᠲᠠᠭᠠᠨ 1 ᠴᠠᠬ ᠤᠨ ᠬᠦᠳᠡᠯᠭᠡᠭᠡᠨ ᠬᠢᠬᠦ ᠶᠢ ᠵᠤᠷᠢᠬᠵᠢᠭᠤᠯᠤᠨ᠎ᠠ᠂ ᠵᠢᠱᠢᠶᠡᠯᠡᠪᠡᠯ ᠬᠤᠷᠳᠤᠨ ᠠᠯᠬᠤᠬᠤ᠂ ᠤᠳᠠᠭᠠᠨ ᠭᠦᠶᠦᠬᠦ᠂ ᠤᠮᠪᠠᠬᠤ᠂ ᠳᠤᠭᠤᠢ ᠲᠡᠷᠭᠡ ᠤᠨᠤᠬᠤ ᠵᠡᠷᠭᠡ ᠬᠦᠳᠡᠯᠭᠡᠭᠡᠨ ᠬᠢᠯᠭᠡᠵᠦ᠂ ᠢᠯᠡᠭᠦᠴᠡ ᠡᠨᠧᠷᠭᠢ ᠪᠡᠨ ᠵᠠᠷᠤᠴᠠᠭᠤᠯᠤᠨ᠎ᠠ᠃ ᠡᠭᠦᠨ ᠡᠴᠡ ᠭᠠᠳᠠᠨ᠎ᠠ ᠪᠠᠰᠠ ᠰᠤᠷᠭᠠᠭᠤᠯᠢ ᠡᠴᠡ ᠵᠤᠬᠢᠰᠲᠠᠢ ᠲᠤᠬᠢᠷᠠᠭᠤᠯᠵᠦ᠂ ᠲᠤᠬᠳᠠᠬᠰᠠᠨ ᠬᠤᠭᠤᠴᠠᠭ᠎ᠠ ᠲᠠᠢ ᠲᠠᠮᠢᠷ ᠤᠨ ᠤᠷᠤᠯᠳᠤᠭᠠᠨ ᠵᠤᠭᠢᠶᠠᠨ ᠪᠠᠶᠢᠭᠤᠯᠵᠦ᠂ ᠵᠠᠯᠠᠭᠤ ᠪᠠᠭᠠᠴᠤᠳ ᠢ ᠡᠬᠡ ᠪᠠᠶᠢᠭᠠᠯᠢ ᠲᠠᠢ ᠤᠶᠢᠷᠠᠲᠤᠭᠤᠯᠵᠦ᠂ ᠲᠠᠮᠢᠷ ᠤᠨ ᠬᠦᠳᠡᠯᠭᠡᠭᠡᠨ ᠳ᠋ᠦ ᠢᠳᠡᠪᠬᠢᠲᠡᠢ ᠤᠷᠤᠯᠴᠠᠭᠤᠯᠤᠨ᠎ᠠ᠃ ᠢᠳᠡᠭᠡᠨ ᠤᠮᠳᠠᠭᠠᠨ ᠤ ᠲᠠᠯ᠎ᠠ ᠳ᠋ᠦ ᠭᠡᠷ ᠤᠨ ᠠᠬᠠᠮᠠᠳ ᠬᠦᠳᠡᠯᠭᠡᠭᠡᠨ ᠪᠤᠯᠤᠬᠰᠠᠳ ᠡᠴᠡ ᠬᠡᠤᠬᠡᠳ ᠤᠨ ᠢᠶᠡᠨ ᠡᠷᠡᠭᠦᠯ ᠪᠤᠰᠤ ᠢᠳᠡᠭᠡᠨ ᠤᠮᠳᠠᠭᠠᠨ ᠤ ᠲᠠᠳᠬᠠᠯ ᠢ ᠵᠠᠰᠠᠨ ᠵᠠᠯᠠᠷᠠᠭᠤᠯᠵᠦ᠂ ᠬᠡᠤᠬᠡᠳ ᠪᠠᠭᠠᠴᠤᠳ ᠵᠤᠬᠢᠰᠲᠠᠢ ᠬᠡᠮᠵᠢᠶᠡᠨ ᠤ ᠤᠭᠤᠷᠠᠬ ᠨᠦᠬᠦᠪᠦᠷᠢᠯᠡᠵᠦ᠂ ᠳᠤᠤᠷ᠎ᠠ ᠰᠢᠬᠢᠷ ᠪᠠ ᠳᠤᠤᠷ᠎ᠠ ᠦᠭᠡᠬᠦ ᠠᠭᠤᠯᠬᠤ ᠢᠳᠡᠭᠡᠨ ᠢᠳᠡᠬᠦ ᠶᠢ ᠪᠠᠷᠢᠮᠳᠠᠯᠠᠵᠦ᠂ ᠰᠢᠨ᠎ᠡ ᠰᠤᠷᠭᠤᠬ ᠵᠢᠮᠢᠰ ᠨᠤᠭᠤᠭ᠎ᠠ ᠢᠳᠡᠬᠦ ᠶᠢ ᠠᠡᠭᠬᠠᠷᠪᠠᠯ ᠵᠤᠬᠢᠨ᠎ᠠ᠃ 

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ