ᠤᠶᠢᠷ᠎ᠠ ᠳ᠋ᠦ ᠠᠪᠠᠭ᠎ᠠ ᠬᠤᠰᠢᠭᠤᠨ ᠤ ᠮᠠᠯᠴᠢᠨ ᠪᠦᠰᠡᠭᠦᠢ ᠤᠶᠤᠨᠮᠠᠡᠭᠯᠠᠢ᠂ ᠨᠠᠷᠠᠡᠭᠬᠤᠧᠠᠷ ᠤᠯᠠᠮᠵᠢᠯᠠᠯᠲᠦ ᠨᠠᠭᠠᠳᠤᠮ ︽ᠨᠠᠷᠠᠨ ᠤᠶᠤᠨ︾ᠭᠤᠷᠪᠠᠳᠤᠭᠠᠷ ᠤᠳᠠᠭᠠᠨ ᠤ ᠱᠠᠭ᠎ᠠ ᠶᠢᠨ ᠤᠷᠤᠳᠤᠯᠭᠠᠨ ᠢᠶᠡᠨ ᠪᠠᠶᠠᠨᠴᠠᠭᠠᠨ ᠨᠡᠶᠢᠭᠡᠮ ᠲᠤᠭᠤᠢᠬ ᠲᠦ ᠡᠷᠬᠢᠯᠡᠵᠦ ᠬᠦᠮᠦᠰ ᠤᠨ ᠬᠠᠯᠠᠭᠤᠨ ᠵᠤᠭᠤᠬ ᠪᠤᠯᠵᠦ ᠤᠯᠠᠮᠵᠢᠯᠠᠬᠳᠠᠨᠠ᠃
︽ᠱᠠᠭ᠎ᠠ ᠨᠠᠭᠠᠳᠤᠮ ᠭᠡᠵᠦ ᠮᠠᠨ ᠤ ᠮᠤᠡᠭᠭᠤᠯ ᠦᠨᠳᠦᠰᠦᠲᠡᠨ ᠤ ᠡᠷᠳᠡ ᠲᠡᠭᠡᠳᠦ ᠡᠴᠡ ᠪᠡᠨ ᠤᠯᠠᠮᠵᠢᠯᠠᠨ ᠢᠷᠡᠭᠰᠡᠨ ᠤᠢ ᠪᠢᠯᠢᠭ ᠨᠡᠭᠡᠭᠡᠭᠳᠡᠭᠦᠯᠵᠦ᠂ ᠤᠬᠠᠭᠠᠨ ᠰᠠᠷᠠᠭᠤᠯᠵᠢᠭᠤᠯᠬᠤ ᠨᠢᠭᠡᠨ ᠲᠦᠷᠦᠯ ᠤᠨ ᠲᠤᠬᠯᠠᠭᠠᠮ ᠪᠤᠯᠬᠤ ᠶᠤᠮ ᠭᠡᠬᠦ ᠳ᠋ᠦ ᠴᠠᠭ ᠦᠶ᠎ᠡ ᠶᠢᠨ ᠬᠤᠪᠢᠷᠠᠯᠲᠠ ᠶᠢ ᠲᠠᠭᠠᠵᠦ ᠦᠨᠳᠦᠰᠦᠲᠡᠨ ᠤ ᠮᠠᠨᠢ ᠦᠪ ᠰᠤᠶᠤᠯ ᠪᠤᠯᠬᠤ ᠱᠠᠭ᠎ᠠ ᠲᠤᠬᠯᠠᠭᠠᠮ ᠢ ᠨᠠᠭᠠᠳᠤᠵᠦ ᠴᠢᠳᠠᠬᠤ ᠬᠦᠮᠦᠨ ᠤᠯᠠᠮ ᠡᠴᠡ ᠴᠦᠬᠡᠷᠡᠵᠦ ᠪᠠᠶᠢᠭ᠎ᠠ ᠶᠢ ᠮᠡᠳᠡᠭᠡᠳ ᠦᠪᠡᠷᠳᠡᠭᠡᠨ ᠢᠯᠡᠭᠦᠦ ᠶᠢ ᠴᠢᠳᠠᠬᠤ ᠦᠭᠡᠢ ᠴᠦ ᠵᠢᠯ ᠳ᠋ᠦ ᠨᠢᠭᠡ ᠤᠳᠠᠭ᠎ᠠ ᠡᠷᠬᠢᠯᠡᠵᠦ ᠨᠡᠡᠭ ᠤᠯᠠᠨ ᠬᠦᠮᠦᠰ ᠢ ᠡᠨᠡᠬᠦ ᠲᠤᠬᠯᠠᠭᠠᠮ ᠢᠶᠡᠨ ᠨᠠᠭᠠᠳᠤᠵᠦ ᠴᠢᠳᠠᠬᠤ ᠪᠤᠯᠭᠠᠬᠤ ᠭᠡᠬᠦ ᠡᠭᠦᠳᠦᠨ ᠡᠴᠡ ᠡᠨᠡᠬᠦ ᠠᠵᠢᠯᠯᠠᠭ᠎ᠠ ᠶᠢ ᠦᠷᠨᠢᠭᠦᠯᠵᠡᠢ᠃ ᠠᠡᠭᠬ᠎ᠠ 2015 ᠤᠨ ᠳ᠋ᠦ ᠡᠷᠬᠢᠯᠡᠬᠦ ᠦᠶᠡᠰ ᠢᠳᠡᠷ ᠨᠠᠰᠤᠨ ᠤ ᠬᠦᠮᠦᠰ ᠢᠶᠡᠷ ᠭᠤᠤᠯᠳᠠᠵᠦ ᠪᠠᠶᠢᠬᠰᠠᠨ ᠢᠶᠡᠨ ᠬᠤᠶᠠᠳᠠᠬᠢ ᠤᠳᠠᠭᠠᠨ ᠳ᠋ᠦ ᠪᠠᠰᠠ ᠨᠢᠭᠡ ᠬᠡᠳᠦᠨ ᠵᠠᠯᠠᠭᠤᠴᠤᠳ ᠢᠷᠡᠭᠰᠡᠨ᠂ ᠡᠨᠡ ᠤᠳᠠᠭ᠎ᠠ ᠪᠤᠯᠬᠤ ᠳ᠋ᠦ ᠪᠠᠰᠠ ᠨᠢᠭᠡ ᠬᠡᠳᠦᠨ ᠪᠠᠭᠠᠴᠤᠤᠯ ᠨᠡᠮᠡᠭᠳᠡᠵᠦ ᠤᠳᠠᠭ᠎ᠠ ᠪᠤᠯᠭᠠᠨ ᠤ ᠬᠦᠮᠦᠨ ᠤ ᠲᠤᠭ ᠠ ᠶᠡᠬᠡᠪᠡᠷ ᠨᠡᠮᠡᠭᠳᠡᠭᠰᠡᠨ ᠨᠢ ᠨᠠᠳᠠ ᠳ᠋ᠦ ᠲᠤᠡᠭ ᠶᠡᠬᠡ ᠵᠤᠷᠢᠬᠵᠢᠭᠤᠯᠤᠯ ᠪᠤᠯᠵᠦ ᠦᠷᠬᠦᠯᠵᠢᠯᠡᠨ ᠡᠨᠡᠬᠦ ᠠᠵᠢᠯᠯᠠᠭ᠎ᠠ ᠪᠠᠨ ᠦᠷᠨᠢᠭᠦᠯᠬᠦ ᠳ᠋ᠦ ᠪᠠᠨ ᠢᠲᠡᠭᠡᠯᠲᠡᠢ ᠪᠤᠯᠤᠯ᠎ᠠ︾ ᠭᠡᠵᠦ ᠨᠠᠷᠠᠡᠭᠬᠤᠧᠠᠷ ᠪᠠᠶᠠᠷᠲᠠᠢ ᠶᠠᠷᠢᠵᠦ ᠪᠠᠶᠢᠯ᠎ᠠ᠃
ᠤᠶᠢᠯᠠᠭᠠᠬᠰᠠᠨ ᠢᠶᠡᠷ᠂ ᠲᠤᠰ ᠤᠳᠠᠭᠠᠨ ᠤ ᠱᠠᠭ᠎ᠠ ᠶᠢᠨ ᠤᠷᠤᠯᠳᠤᠭᠠᠨ ᠳ᠋ᠦ ᠵᠢᠷᠠ ᠬᠠᠷᠪᠤᠬᠤ᠂ ᠪᠤᠭᠤ ᠨᠠᠭᠠᠳᠬᠤ᠂ ᠬᠠᠯᠵᠠ ᠬᠠᠷᠪᠤᠬᠤ᠂ ᠮᠤᠷᠢ ᠤᠷᠤᠯᠳᠤᠬᠤ ᠵᠡᠷᠭᠡ ᠳᠦᠷᠪᠡᠨ ᠲᠦᠷᠦᠯ ᠤᠨ ᠤᠷᠤᠯᠳᠤᠭᠠᠨ ᠶᠠᠪᠤᠬᠳᠠᠵᠠᠢ᠃
ᠮᠧᠡᠭ ᠰᠢᠶᠠᠡᠭ ᠳ᠋ᠦᠡᠭ ᠸᠢᠴᠠᠲ ᠤᠨ ᠨᠡᠶᠢᠳᠡ ᠶᠢᠨ ᠲᠠᠪᠴᠠᠡᠭ
ᠦᠪᠦᠷ ᠮᠤᠡᠭᠭᠤᠯ ᠤᠨ ᠪᠦᠬᠦ ᠠᠷᠠᠳ ᠢᠶᠡᠷ ᠢᠶᠡᠨ ᠪᠡᠶ᠎ᠡ ᠪᠡᠨ ᠴᠢᠬᠢᠷᠠᠬᠵᠢᠭᠤᠯᠬᠤ ᠨᠡᠶᠢᠳᠡ ᠶᠢᠨ ᠦᠢᠯᠡᠴᠢᠯᠡᠭᠡᠨ ᠤ ᠲᠠᠪᠴᠠᠡᠭ
ᠮᠧᠡᠭ ᠰᠢᠶᠠᠡᠭ ᠳ᠋ᠦᠡᠭ APP
ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ
ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ
ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ