12 ᠰᠠᠷ᠎ᠠ ᠶᠢᠨ 18 ᠤ ᠡᠳᠦᠷ᠂ ᠦᠪᠡᠷᠲᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠠ᠂ ᠦᠨᠳᠦᠰᠦᠲᠡᠨ ᠤᠬᠡᠷᠡᠭ ᠡᠷᠬᠢᠯᠡᠬᠦ ᠵᠦᠪᠯᠡᠯ᠂ ᠰᠤᠶᠤᠯ ᠪᠠ ᠵᠢᠭᠤᠯᠴᠢᠯᠠᠯ ᠤᠨ ᠲᠢᠩᠭᠢᠮ ᠪᠠ ᠠᠯᠠᠱᠠ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨᠵᠠᠬᠢᠷᠭ᠎ᠠ ᠠᠴᠠ ᠬᠠᠮᠳᠤᠷᠠᠨ ᠭᠤᠤᠯᠯᠠᠨ ᠡᠷᠬᠢᠯᠡᠵᠤ᠂ ᠠᠯᠠᠱᠠ ᠵᠡᠭᠦᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠᠳᠠᠭᠠᠭᠠᠴᠢᠯᠠᠨ ᠡᠷᠬᠢᠯᠡᠭᠰᠡᠨ ᠦᠪᠡᠷᠲᠡᠭᠡᠨ ᠵᠠᠰᠠᠬᠤ ᠤᠷᠤᠨ ᠤ ᠬᠤᠶᠠᠳᠤᠭᠠᠷ ᠬᠤᠭᠤᠴᠠᠭᠠᠨ ᠤ ᠲᠡᠮᠡᠭᠡᠨ ᠨᠠᠭᠠᠳᠤᠮ ᠵᠢᠴᠢ ᠠᠯᠠᠱᠠ ᠶᠢᠨ ᠪᠠᠭᠠᠲᠤᠷᠴᠤᠳ ᠤᠨ ᠴᠤᠭᠯᠠᠭᠠᠨ᠂ ᠲᠡᠮᠡᠭᠡᠨ ᠰᠤᠶᠤᠯ ᠤᠨ ᠵᠢᠭᠤᠯᠴᠢᠯᠡᠯ ᠤᠨ ᠨᠠᠶᠢᠷ ᠤᠨ ᠰᠤᠨᠢᠨ ᠮᠡᠳᠡᠭᠡ ᠨᠡᠶᠢᠲᠡᠯᠡᠭᠦ ᠬᠤᠷᠠᠯᠬᠦᠬᠡᠬᠤᠲᠡ ᠳᠤ ᠶᠠᠪᠤᠭᠳᠠᠪᠠ᠃

ᠦᠪᠡᠷᠲᠡᠭᠡᠨ ᠵᠠᠰᠠᠬᠤ ᠤᠷᠤᠨ ᠤ ᠬᠤᠶᠠᠳᠤᠭᠠᠷ ᠬᠤᠭᠤᠴᠠᠭᠠᠨ ᠤ ᠲᠡᠮᠡᠭᠡᠨ ᠨᠠᠭᠠᠳᠤᠮ ᠵᠢᠴᠢ ᠠᠯᠠᠱᠠ ᠶᠢᠨ ᠪᠠᠭᠠᠲᠤᠷᠴᠤᠳ ᠤᠨᠴᠤᠭᠯᠠᠭᠠᠨ᠂ ᠲᠡᠮᠡᠭᠡᠨ ᠰᠤᠶᠤᠯ ᠤᠨ ᠵᠢᠭᠤᠯᠴᠢᠯᠡᠯ ᠤᠨ ᠨᠠᠶᠢᠷ 12 ᠰᠠᠷ᠎ᠠ ᠶᠢᠨ 26 ᠠᠴᠠ 29 ᠤ ᠡᠳᠦᠷ ᠪᠤᠯᠲᠠᠯ᠎ᠠ ᠠᠯᠠᠱᠠᠠᠶᠢᠮᠠᠭ ᠲᠤ ᠶᠠᠪᠤᠭᠳᠠᠬᠤ ᠪᠤᠯᠤᠨ᠎ᠠ᠃ ᠲᠤᠰ ᠬᠤᠭᠤᠴᠠᠭᠠᠨ ᠤ ᠨᠠᠭᠠᠳᠤᠮ ᠨᠢ ᠲᠡᠮᠡᠭᠡᠨ ᠰᠤᠶᠤᠯ ᠤᠨ ᠤᠯᠠᠮᠵᠢᠯᠠᠯ᠂ ᠠᠮᠢ ᠠᠬᠤᠢ ᠶᠢᠨ ᠬᠠᠮᠠᠭᠠᠯᠠᠯᠲᠠ᠂ ᠪᠦᠲᠦᠭᠡᠭᠳᠡᠭᠦᠨ ᠤ ᠰᠤᠳᠤᠯᠤᠨ ᠨᠡᠭᠡᠭᠡᠯᠲᠡ ᠵᠡᠷᠭᠡ ᠲᠠᠯ᠎ᠠ ᠪᠠᠷ ᠪᠦᠳᠦᠮᠵᠢᠳᠡᠢ ᠠᠷᠭ᠎ᠠ ᠬᠡᠮᠵᠢᠶ᠎ᠡ ᠠᠪᠴᠦ᠂ ᠠᠯᠠᠱᠠ ᠶᠢᠨ ᠬᠤᠤᠰ ᠪᠦᠬᠦᠳᠦ ᠲᠡᠮᠡᠭᠡᠨ ᠤ ᠬᠠᠮᠠᠭᠠᠯᠠᠯᠲᠠ ᠶᠢ ᠠᠮᠢ ᠠᠬᠤᠢ ᠶᠢᠨ ᠪᠦᠲᠦᠭᠡᠨ ᠪᠠᠶᠢᠭᠤᠯᠤᠯᠲᠠ᠂ ᠡᠯᠡᠰᠦᠨ ᠤ ᠠᠵᠦ ᠦᠢᠯᠡᠰ᠂ ᠲᠡᠮᠡᠭᠡᠨ ᠤ ᠠᠵᠦ ᠦᠢᠯᠡᠰ ᠵᠡᠷᠭᠡ ᠮᠠᠯ ᠠᠵᠤ ᠠᠬᠤᠢ ᠲᠠᠷᠢᠶᠠᠯᠠᠩ ᠤᠨ ᠦᠢᠯᠡᠰ ᠤᠨ ᠬᠦᠭᠵᠢᠯᠲᠡ ᠲᠠᠢ ᠠᠭᠤᠰᠤᠯᠴᠠᠭᠤᠯᠤᠨᠬᠦᠭᠵᠢᠬᠦᠯᠵᠤ᠂ ᠡᠯᠡᠰᠦᠨ ᠤ ᠵᠢᠭᠤᠯᠴᠢᠯᠡᠯ ᠤᠨ ᠰᠤᠶᠤᠯ ᠤᠨ ᠨᠡᠷᠡᠳᠦ ᠲᠡᠮᠳᠡᠭ ᠢ ᠴᠤᠭᠴᠠᠯᠠᠨ᠂ ᠲᠡᠮᠡᠭᠡᠨ ᠰᠤᠶᠤᠯ ᠤᠨᠠᠭᠤᠯᠤᠭᠳᠠᠬᠤᠨ ᠢ ᠨᠡᠩ ᠪᠠᠶᠠᠯᠢᠬᠵᠢᠭᠤᠯᠬᠤ ᠶᠢ ᠵᠤᠷᠢᠬᠰᠠᠨ ᠪᠠᠶᠢᠨ᠎ᠠ᠃

ᠠᠯᠠᠱᠠ ᠠᠶᠢᠮᠠᠭ ᠨᠢ ᠲᠡᠮᠡᠭᠡᠨ ᠨᠤᠲᠤᠭ ᠭᠡᠮᠡᠨ ᠨᠡᠷᠡᠯᠡᠭᠳᠡᠵᠤ᠂ ᠪᠦᠬᠦ ᠤᠯᠤᠰ ᠤᠨ ᠲᠡᠮᠡᠭᠡᠨ ᠤ ᠶᠡᠷᠦᠩᠭᠡᠢ ᠲᠤᠭᠠᠨ ᠤ ᠭᠤᠷᠪᠠᠨ ᠤ ᠬᠤᠶᠠᠷ ᠬᠤᠪᠢ ᠶᠢ ᠡᠵᠡᠯᠡᠵᠤ᠂ ᠢᠯᠠᠩᠭᠤᠶ᠎ᠠ ᠠᠯᠠᠱᠠ ᠶᠢᠨ ᠬᠤᠤᠰ ᠪᠦᠬᠦᠳᠦ ᠲᠡᠮᠡᠭᠡ ᠪᠤᠯ ᠮᠠᠨ ᠤ ᠤᠯᠤᠰ ᠤᠨᠲᠡᠮᠡᠭᠡᠨ ᠤ ᠲᠠᠷᠬᠠᠯᠲᠠ ᠪᠠᠷ ᠬᠠᠮᠤᠭ ᠤᠨ ᠦᠷᠭᠡᠨ᠂ ᠤᠷᠤᠨ ᠨᠤᠲᠤᠭ ᠤᠨ ᠰᠠᠶᠢᠨ ᠡᠭᠦᠯᠳᠡᠷ ᠤᠨ ᠲᠡᠮᠡᠭᠡ ᠪᠤᠯᠤᠨ᠎ᠠ᠃ ᠮᠤᠩᠭᠤᠯ ᠦᠨᠳᠦᠰᠦᠲᠡᠨ ᠤ ᠲᠡᠮᠡᠭᠡ ᠲᠡᠵᠢᠭᠡᠵᠤ ᠠᠷᠠᠴᠢᠯᠠᠬᠤ᠂ ᠲᠡᠮᠡᠭᠡ ᠲᠠᠬᠢᠬᠤ ᠵᠠᠩ ᠳᠠᠳᠬᠠᠯ᠂ ᠲᠡᠮᠡᠭᠡ ᠤᠷᠤᠯᠳᠤᠬᠤ᠂ ᠲᠡᠮᠡᠭᠡᠨ ᠤ ᠡᠳ᠋ᠯᠡᠯ ᠬᠡᠷᠡᠭᠰᠡᠯ ᠬᠢᠬᠦ ᠤᠷ᠎ᠠ ᠮᠡᠷᠭᠡᠰᠢᠯ ᠨᠢ ᠨᠢᠭᠡᠨᠲᠡ ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠲᠤ ᠵᠢᠬᠰᠠᠭᠠᠬᠳᠠᠬᠰᠠᠨ ᠪᠠᠶᠢᠳᠠᠭ᠃

ᠤᠢᠢᠯᠠᠭᠠᠭᠰᠠᠨ ᠢᠶᠠᠷ᠂ ᠲᠤᠰ ᠬᠤᠭᠤᠴᠠᠭᠠᠨ ᠤ ᠳᠡᠮᠡᠭᠡᠨ ᠨᠠᠭᠠᠳᠤᠮ ᠳᠤ ᠪᠦᠬᠦ ᠤᠷᠤᠨ ᠤ ᠡᠯ᠎ᠡ ᠠᠶᠢᠮᠠᠭ ᠬᠤᠲᠠ ᠶᠢᠨ ᠳᠡᠮᠡᠭᠡᠤᠷᠤᠯᠳᠤᠬᠤ ᠲᠦᠯᠦᠭᠡᠯᠡᠭᠴᠢ ᠶᠢᠨ ᠠᠩᠭᠢ ᠪᠠ ᠰᠢᠨᠵᠢᠶᠠᠩ᠂ ᠬᠦᠬᠡᠨᠠᠭᠤᠷ᠂ ᠭᠠᠨᠰᠤ᠂ ᠨᠢᠩᠰᠢᠶᠠ ᠵᠡᠷᠭᠡ ᠬᠠᠮᠢᠶ᠎ᠠ ᠪᠦᠬᠦᠢ ᠤᠯᠤᠰ ᠤᠨᠳᠤᠲᠤᠭᠠᠳᠤ ᠶᠢᠨ ᠲᠡᠮᠡᠭᠡ ᠤᠷᠤᠯᠳᠤᠬᠤ ᠲᠦᠯᠦᠭᠡᠯᠡᠭᠴᠢ ᠶᠢᠨ ᠠᠩᠭᠢ ᠤᠷᠤᠯᠴᠠᠬᠤ ᠪᠤᠯᠤᠨ᠎ᠠ᠃ 

ᠢᠷᠡᠯᠳᠡ : 

ᠦᠪᠦᠷ ᠮᠣᠩᠭᠣᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ