ᠤᠯᠠᠮᠵᠢᠯᠠᠯᠲᠦ ᠰᠤᠷ ᠬᠠᠷᠪᠤᠯᠯᠭ᠎ᠠ.pngᠤᠯᠠᠮᠵᠢᠯᠠᠯᠲᠦ ᠰᠤᠷ ᠬᠠᠷᠪᠤᠯᠯᠭ᠎ᠠ.png 


 ᠦᠪᠦᠷ ᠮᠤᠡᠭᠭᠤᠯ ᠤᠨ ᠦᠪᠡᠷᠳᠡᠭᠡᠨ ᠵᠠᠰᠠᠬᠤ ᠤᠷᠤᠨ ᠤ ᠶᠢᠰᠦᠳᠦᠭᠡᠷ ᠬᠤᠭᠤᠴᠠᠭᠠᠨ ᠤ ᠴᠦᠬᠡᠨ ᠲᠤᠭᠠᠳᠦ ᠦᠨᠳᠦᠰᠦᠲᠡᠨ ᠤ ᠤᠯᠠᠮᠵᠢᠯᠠᠯᠲᠦ ᠪᠡᠶ᠎ᠡ ᠶᠢᠨ ᠲᠠᠮᠢᠷ ᠤᠨ ᠴᠤᠬᠯᠠᠭᠠᠨ 7 ᠰᠠᠷ ᠠ ᠶᠢᠨ 12 ᠤᠨ ᠡᠳᠦᠷ ᠬᠦᠷ ᠨᠠᠷᠭᠢᠶᠠᠨ ᠲᠠᠢ ᠡᠬᠢᠯᠡᠵᠦ᠂ 7 ᠰᠠᠷ᠎ᠠ ᠶᠢᠨ 14 ᠤ ᠡᠳᠦᠷ ᠪᠤᠯᠳᠠᠯ᠎ᠠ ᠡᠯ᠎ᠡ ᠲᠦᠷᠦᠯ ᠤᠨ ᠤᠷᠤᠯᠳᠤᠭᠠᠨ ᠢᠳᠡ ᠬᠦᠴᠦ ᠲᠠᠢ ᠦᠷᠢᠰᠦᠯᠳᠦᠵᠦ᠂ ᠦᠨᠳᠦᠰᠦᠲᠡᠨ ᠤ ᠤᠯᠠᠮᠵᠢᠯᠠᠯᠲᠦ ᠪᠡᠶ᠎ᠡ ᠶᠢᠨ ᠲᠠᠮᠢᠷ ᠤᠨ ᠭᠡᠷᠡᠯ ᠭᠢᠯᠪᠠᠭ᠎ᠠ ᠶᠢ ᠤᠯᠠᠨ᠎ᠠ ᠭᠠᠶᠢᠬᠠᠭᠤᠯᠤᠯ᠎ᠠ᠃

 7 ᠰᠠᠷ᠎ᠠ ᠶᠢᠨ 14 ᠤ ᠡᠳᠦᠷ ᠦᠪᠦᠷ ᠮᠤᠡᠭᠭᠤᠯ ᠤᠨ ᠦᠪᠡᠷᠳᠡᠭᠡᠨ ᠵᠠᠰᠠᠬᠤ ᠤᠷᠤᠨ ᠤ ᠶᠢᠰᠦᠳᠦᠭᠡᠷ ᠬᠤᠭᠤᠴᠠᠭᠠᠨ ᠤ ᠴᠦᠬᠡᠨ ᠲᠤᠭᠠᠳᠦ ᠦᠨᠳᠦᠰᠦᠲᠡᠨ ᠤ ᠤᠯᠠᠮᠵᠢᠯᠠᠯᠲᠦ ᠪᠡᠶ᠎ᠡ ᠶᠢᠨ ᠲᠠᠮᠢᠷ ᠤᠨ ᠴᠤᠬᠯᠠᠭᠠᠨ ᠤ ᠪᠦᠯᠦᠡᠭ ᠤᠨ ᠤᠷᠤᠯᠳᠤᠭᠠᠨ ᠦᠪᠦᠷ ᠮᠤᠡᠭᠭᠤᠯ  ᠤᠨ ᠦᠨᠳᠦᠰᠦᠲᠡᠨ ᠤ ᠪᠡᠶ᠎ᠡ ᠶᠢᠨ ᠲᠠᠮᠢᠷ ᠤᠨ ᠲᠦᠪ ᠲᠦ ᠶᠠᠪᠤᠬᠳᠠᠪᠠ᠃ ᠪᠦᠬᠦ ᠤᠷᠤᠨ ᠤ 12 ᠠᠶᠢᠮᠠᠬ ᠬᠤᠳᠠ ᠶᠢᠨ 72 ᠲᠠᠮᠢᠷᠴᠢᠨ ᠪᠦᠯᠦᠡᠭ ᠤᠨ ᠤᠷᠤᠯᠳᠤᠭᠠᠨ ᠳ᠋ᠦ ᠤᠷᠤᠯᠴᠠᠵᠦ᠂ ᠮᠠᠨ ᠤ ᠬᠤᠳᠠ ᠶᠢᠨ ᠡᠷᠡᠭᠲᠡᠢ ᠶᠢᠨ ᠪᠦᠯᠦᠡᠭ ᠬᠠᠷᠪᠤᠯᠭ᠎ᠠ ᠶᠢᠨ ᠠᠡᠭᠭᠢ ᠨᠢᠭᠡᠳᠦᠭᠡᠷ ᠨᠡᠷᠡᠰ ᠲᠦ ᠲᠤᠳᠤᠷᠠᠬᠰᠠᠨ ᠪᠠᠶᠢᠨ᠎ᠠ᠃

 ᠲᠤᠰ ᠬᠤᠭᠤᠴᠠᠭᠠᠨ ᠤ ᠮᠤᠡᠭᠭᠤᠯ ᠦᠨᠳᠦᠰᠦᠲᠡᠨ ᠤ ᠤᠯᠠᠮᠵᠢᠯᠠᠯᠲᠦ ᠰᠤᠷ ᠬᠠᠷᠪᠤᠯᠭ᠎ᠠ ᠶᠢᠨ ᠤᠷᠤᠯᠳᠤᠭᠠᠨ ᠢ ᠬᠠᠷᠪᠤᠭ᠎ᠠ ᠪᠤᠯᠤᠨ ᠪᠦᠯᠦᠡᠭ ᠭᠡᠵᠦ ᠬᠤᠶᠠᠷ ᠲᠦᠷᠦᠯ ᠪᠤᠯᠭᠠᠨ ᠬᠤᠪᠢᠶᠠᠵᠦ ᠤᠷᠤᠯᠳᠤᠵᠠᠢ᠃ ᠲᠦᠷᠪᠡᠨ ᠵᠢᠯ ᠨᠢᠭᠡ ᠤᠳᠠᠭ᠎ᠠ ᠶᠠᠪᠤᠬᠳᠠᠬᠤ ᠦᠪᠦᠷ ᠮᠤᠡᠭᠭᠤᠯ ᠤᠨ ᠦᠪᠡᠷᠳᠡᠭᠡᠨ ᠵᠠᠰᠠᠬᠤ ᠤᠷᠤᠨ ᠤ ᠴᠦᠬᠡᠨ ᠲᠤᠭᠠᠳᠦ ᠦᠨᠳᠦᠰᠦᠲᠡᠨ ᠤ ᠤᠯᠠᠮᠵᠢᠯᠠᠯᠲᠦ ᠪᠡᠶ᠎ᠡ ᠶᠢᠨ ᠲᠠᠮᠢᠷ ᠤᠨ ᠴᠤᠬᠯᠠᠭᠠᠨ ᠳ᠋ᠦ ᠪᠦᠬᠦ ᠤᠷᠤᠨ ᠤ ᠰᠢᠯᠢᠳᠡᠭ ᠡᠴᠡ ᠰᠢᠯᠢᠳᠡᠭ ᠬᠠᠷᠪᠤᠭᠠᠴᠢᠨ ᠬᠦᠯᠦᠨ ᠪᠤᠶᠢᠷ ᠲᠦ ᠴᠤᠬᠯᠠᠵᠦ᠂ ᠬᠤᠷᠴᠠ ᠰᠢᠷᠦᠬᠦᠨ ᠦᠷᠢᠰᠦᠯᠳᠦᠭᠡᠨ ᠶᠠᠪᠤᠭᠤᠯᠵᠠᠢ᠃ 14 ᠤ ᠡᠳᠦᠷ ᠤᠨ 8 ᠴᠠᠬ ᠡᠴᠡ ᠡᠮᠡᠭᠲᠡᠢ ᠶᠢᠨ 45 ᠮᠧᠲᠷ ᠤᠨ ᠪᠦᠯᠦᠡᠭ ᠬᠠᠷᠪᠤᠯᠭ᠎ᠠ ᠶᠢᠨ ᠤᠷᠤᠯᠳᠤᠭᠠᠨ ᠡᠬᠢᠯᠡᠵᠦ᠂ ᠪᠦᠬᠦᠯᠢ ᠡᠳᠦᠷ ᠤᠨ ᠲᠤᠷᠰᠢ 72 ᠬᠠᠷᠪᠤᠭᠠᠴᠢᠨ ᠡᠮᠡᠭᠲᠡᠢ ᠶᠢᠨ 30 ᠮᠧᠲᠷ᠂ 45 ᠮᠧᠲᠷ ᠪᠠ ᠡᠷᠡᠭᠲᠡᠢ ᠶᠢᠨ 30 ᠮᠧᠲᠷ᠂ 45 ᠮᠧᠲᠷ ᠤᠨ ᠤᠷᠤᠯᠳᠤᠭᠠᠨ ᠳ᠋ᠦ ᠡᠷᠡᠬᠡᠢ ᠮᠡᠷᠭᠡᠨ ᠢᠶᠡᠨ ᠭᠠᠶᠢᠬᠠᠭᠤᠯᠵᠠᠢ᠃ ᠡᠭᠦᠨ ᠳ᠋ᠦ ᠡᠮᠡᠭᠲᠡᠢ ᠶᠢᠨ 30 ᠮᠧᠲᠷ ᠤᠨ ᠪᠦᠯᠦᠡᠭ ᠬᠠᠷᠪᠤᠯᠭ᠎ᠠ ᠶᠢᠨ ᠤᠷᠤᠯᠳᠤᠭᠠᠨ ᠳ᠋ᠦ ᠤᠯᠠᠭᠠᠨᠬᠠᠳᠠ ᠬᠤᠳᠠ ᠶᠢᠨ ᠲᠦᠯᠦᠭᠡᠯᠡᠭᠴᠢ ᠶᠢᠨ ᠠᠡᠭᠭᠢ ᠶᠢᠨ ᠴᠤᠯᠮᠤᠨᠴᠢᠮᠡᠭ 30 ᠤᠨᠤᠭ᠎ᠠ ᠪᠡᠷ ᠲᠡᠷᠢᠭᠦᠯᠡᠵᠦ᠂ ᠤᠯᠠᠭᠠᠨᠬᠠᠳᠠ ᠬᠤᠳᠠ ᠶᠢᠨ ᠤᠳᠬᠠᠨᠴᠡᠴᠡᠭ 27 ᠤᠨᠤᠭ᠎ᠠ ᠪᠡᠷ ᠲᠡᠳ᠋ᠯᠡᠨ᠂ ᠰᠢᠯᠢ ᠶᠢᠨ ᠭᠤᠤᠯ ᠠᠶᠢᠮᠠᠬ ᠤᠨ ᠰᠠᠷᠠᠨᠭᠡᠷᠡᠯ 25 ᠤᠨᠤᠭ᠎ᠠ ᠪᠡᠷ ᠭᠤᠷᠪᠠᠳᠤᠭᠠᠷ ᠪᠠᠶᠢᠷᠢᠨ ᠳ᠋ᠦ ᠳᠤᠲᠤᠷᠠᠪᠠ᠃ ᠡᠮᠡᠭᠲᠡᠢ ᠶᠢᠨ 45 ᠮᠧᠲᠷ ᠤᠨ ᠪᠦᠯᠦᠡᠭ ᠬᠠᠷᠪᠤᠯᠭ᠎ᠠ ᠳ᠋ᠦ ᠤᠯᠠᠭᠠᠨᠬᠠᠳᠠ ᠬᠤᠳᠠ ᠶᠢᠨ ᠴᠤᠯᠮᠤᠨᠴᠢᠮᠡᠭ 24 ᠤᠨᠤᠭ᠎ᠠ ᠪᠡᠷ ᠲᠡᠷᠢᠭᠦᠯᠡᠵᠦ᠂ 30 ᠮᠧᠲᠷ ᠪᠠ 45 ᠮᠧᠲᠷ ᠤᠨ ᠬᠤᠤᠰ ᠮᠠᠡᠭᠯᠠᠢ ᠳ᠋ᠦ ᠲᠤᠳᠤᠷᠠᠪᠠ᠃ ᠤᠯᠠᠭᠠᠨᠴᠠᠪ ᠬᠤᠳᠠ ᠶᠢᠨ ᠡᠷᠳᠡᠨᠢᠭᠤᠸ᠎ᠠ 20 ᠤᠨᠤᠭ᠎ᠠ ᠪᠡᠷ ᠲᠡᠳ᠋ᠯᠡᠨ᠂ ᠮᠠᠨ ᠤ ᠬᠤᠳᠠ ᠶᠢᠨ ᠪᠤᠷᠮ᠎ᠠ 20 ᠤᠨᠤᠭ᠎ᠠ ᠪᠡᠷ ᠭᠤᠷᠪᠠᠳᠤᠭᠠᠷ ᠪᠠᠶᠢᠷᠢᠨ ᠳ᠋ᠦ ᠲᠤᠳᠤᠷᠠᠪᠠ᠃ ᠡᠮᠡᠭᠲᠡᠢ ᠶᠢᠨ ᠬᠤᠪᠢ ᠬᠦᠮᠦᠨ ᠤ ᠶᠡᠷᠦᠡᠭᠬᠡᠢ ᠬᠤᠪᠢ ᠪᠠᠷ ᠤᠯᠠᠭᠠᠨᠬᠠᠳᠠ ᠬᠤᠳᠠ ᠶᠢᠨ ᠲᠦᠯᠦᠭᠡᠯᠡᠭᠴᠢ ᠶᠢᠨ ᠠᠡᠭᠭᠢ ᠶᠢᠨ ᠴᠤᠯᠮᠤᠨᠴᠢᠮᠡᠭ 54 ᠤᠨᠤᠭ᠎ᠠ ᠪᠡᠷ ᠲᠡᠷᠢᠭᠦᠯᠡᠵᠦ᠂ ᠤᠯᠠᠭᠠᠨᠴᠠᠪ ᠬᠤᠳᠠ ᠶᠢᠨ ᠡᠷᠳᠡᠨᠢᠭᠤᠸ᠎ᠠ 45 ᠤᠨᠤᠭ᠎ᠠ ᠪᠡᠷ ᠲᠡᠳ᠋ᠯᠡᠨ᠂ ᠮᠠᠨ ᠤ ᠬᠤᠳᠠ ᠶᠢᠨ ᠪᠤᠷᠮ᠎ᠠ 45 ᠤᠨᠤᠭ᠎ᠠ ᠪᠡᠷ ᠭᠤᠷᠪᠠᠳᠤᠭᠠᠷ ᠪᠠᠶᠢᠷᠢᠨ ᠳ᠋ᠦ ᠲᠤᠳᠤᠷᠠᠪᠠ᠃

 ᠪᠦᠯᠦᠡᠭ ᠬᠠᠷᠪᠤᠯᠭ᠎ᠠ ᠶᠢᠨ ᠤᠷᠤᠯᠳᠤᠭᠠᠨ ᠤ ᠡᠷᠡᠭᠲᠡᠢ ᠶᠢᠨ 30 ᠮᠧᠲᠷ ᠤᠨ ᠤᠷᠤᠯᠳᠤᠭᠠᠨ ᠳ᠋ᠦ ᠤᠯᠠᠭᠠᠨᠬᠠᠳᠠ ᠬᠤᠳᠠ ᠶᠢᠨ ᠲᠦᠯᠦᠭᠡᠯᠡᠭᠴᠢ ᠶᠢᠨ ᠠᠡᠭᠭᠢ ᠶᠢᠨ ᠲᠡᠮᠦᠷᠪᠠᠭᠠᠳᠤᠷ 34 ᠤᠨᠤᠭ᠎ᠠ ᠪᠡᠷ ᠲᠡᠷᠢᠭᠦᠯᠡᠵᠦ᠂ ᠬᠦᠬᠡᠬᠤᠳᠠ ᠶᠢᠨ ᠬᠦᠷᠡᠯᠪᠦᠬᠡ 32 ᠤᠨᠤᠭ᠎ᠠ ᠪᠡᠷ ᠲᠡᠳ᠋ᠯᠡᠵᠦ᠂ ᠮᠠᠨ ᠤ ᠬᠤᠳᠠ ᠶᠢᠨ ᠠᠯᠮᠠᠰ 29 ᠤᠨᠤᠭ᠎ᠠ ᠪᠡᠷ ᠭᠤᠷᠪᠠᠳᠤᠭᠠᠷ ᠪᠠᠶᠢᠷᠢᠨ ᠳ᠋ᠦ ᠲᠤᠳᠤᠷᠠᠪᠠ᠃ ᠡᠷᠡᠭᠲᠡᠢ ᠶᠢᠨ 45 ᠮᠧᠲᠷ ᠤᠨ ᠪᠦᠯᠦᠡᠭ ᠬᠠᠷᠪᠤᠯᠭ᠎ᠠ ᠶᠢᠨ ᠤᠷᠤᠯᠳᠤᠭᠠᠨ ᠳ᠋ᠦ ᠬᠦᠬᠡᠬᠤᠳᠠ ᠶᠢᠨ ᠬᠦᠷᠡᠯᠪᠦᠬᠡ 25 ᠤᠨᠤᠭ᠎ᠠ ᠪᠡᠷ ᠲᠡᠷᠢᠭᠦᠯᠡᠵᠦ᠂ ᠮᠠᠨ ᠤ ᠬᠤᠳᠠ ᠶᠢᠨ ᠴᠤᠯᠮᠤᠨ 24 ᠤᠨᠤᠭ᠎ᠠ ᠪᠡᠷ ᠲᠡᠳ᠋ᠯᠡᠨ᠂ ᠠᠯᠠᠱᠠ ᠠᠶᠢᠮᠠᠬ ᠤᠨ ᠰᠠᠷᠠᠨᠳᠠᠮᠪᠤ 22 ᠤᠨᠤᠭ᠎ᠠ ᠪᠡᠷ ᠭᠤᠷᠪᠠᠳᠤᠭᠠᠷ ᠲᠦ ᠲᠤᠳᠤᠷᠠᠪᠠ᠃ ᠡᠷᠡᠭᠲᠡᠢ ᠶᠢᠨ ᠬᠤᠪᠢ ᠬᠦᠮᠦᠨ ᠤ ᠶᠡᠷᠦᠡᠭᠬᠡᠢ ᠬᠤᠪᠢ ᠪᠡᠷ ᠬᠦᠬᠡᠬᠤᠳᠠ ᠶᠢᠨ ᠬᠦᠷᠡᠯᠪᠦᠢᠬᠡ 57 ᠤᠨᠤᠭ᠎ᠠ ᠪᠡᠷ ᠲᠡᠷᠢᠭᠦᠯᠡᠵᠦ᠂ ᠮᠠᠨ ᠤ ᠬᠤᠳᠠ ᠶᠢᠨ ᠴᠤᠯᠮᠤᠨ 53 ᠤᠨᠤᠭ᠎ᠠ ᠪᠡᠷ ᠲᠡᠳ᠋ᠯᠡᠵᠦ᠂ ᠤᠯᠠᠭᠠᠨᠬᠠᠳᠠ ᠬᠤᠳᠠ ᠶᠢᠨ ᠲᠡᠮᠦᠷᠪᠠᠭᠠᠳᠤᠷ 51 ᠤᠨᠤᠭ᠎ᠠ ᠪᠡᠷ ᠭᠤᠷᠪᠠᠳᠤᠭᠠᠷ ᠨᠡᠷᠡᠰ ᠲᠦ ᠲᠤᠳᠤᠷᠠᠪᠠ᠃

 ᠪᠦᠯᠦᠡᠭ ᠬᠠᠷᠪᠤᠯᠭ᠎ᠠ ᠶᠢᠨ ᠤᠷᠤᠯᠳᠤᠭᠠᠨ ᠤ ᠡᠷᠡᠭᠲᠡᠢ ᠶᠢᠨ ᠨᠢᠭᠡᠴᠡ ᠶᠢᠨ ᠤᠷᠤᠯᠳᠤᠭᠠᠨ ᠳ᠋ᠦ ᠮᠠᠨ ᠤ ᠬᠤᠳᠠ ᠶᠢᠨ ᠲᠦᠯᠦᠭᠡᠯᠡᠭᠴᠢ ᠶᠢᠨ ᠠᠡᠭᠭᠢ 146 ᠤᠨᠤᠭ᠎ᠠ ᠪᠡᠷ ᠲᠡᠷᠢᠭᠦᠯᠡᠵᠦ᠂ ᠤᠯᠠᠭᠠᠨᠬᠠᠳᠠ ᠬᠤᠳᠠ ᠶᠢᠨ ᠲᠦᠯᠦᠭᠡᠯᠡᠭᠴᠢ ᠶᠢᠨ ᠠᠡᠭᠭᠢ 139 ᠤᠨᠤᠭ᠎ᠠ ᠪᠡᠷ ᠲᠡᠳ᠋ᠯᠡᠨ᠂ ᠬᠦᠬᠡᠬᠤᠳᠠ ᠶᠢᠨ ᠲᠦᠯᠦᠭᠡᠯᠡᠭᠴᠢ ᠶᠢᠨ ᠠᠡᠭᠭᠢ 129 ᠤᠨᠤᠭ᠎ᠠ ᠪᠡᠷ ᠭᠤᠷᠪᠠᠳᠤᠭᠠᠷ ᠲᠦ ᠤᠷᠤᠪᠠ᠃ ᠡᠮᠡᠭᠲᠡᠢ ᠶᠢᠨ ᠨᠢᠭᠡᠴᠡ ᠶᠢᠨ ᠤᠷᠤᠯᠳᠤᠭᠠᠨ ᠳ᠋ᠦ ᠤᠯᠠᠭᠠᠨᠬᠠᠳᠠ ᠶᠢᠨ ᠲᠦᠯᠦᠭᠡᠯᠡᠭᠴᠢ ᠶᠢᠨ ᠠᠡᠭᠭᠢ 120 ᠤᠨᠤᠭ᠎ᠠ ᠪᠡᠷ ᠲᠡᠷᠢᠭᠦᠨ ᠳ᠋ᠦ ᠤᠷᠤᠵᠦ᠂ ᠮᠠᠨ ᠤ ᠬᠤᠳᠠ ᠶᠢᠨ ᠲᠦᠯᠦᠭᠡᠯᠡᠭᠴᠢ ᠶᠢᠨ ᠠᠡᠭᠭᠢ 114 ᠤᠨᠤᠭ᠎ᠠ ᠪᠡᠷ ᠬᠤᠶᠠᠳᠤᠭᠠᠷ ᠲᠦ ᠲᠤᠳᠤᠷᠠᠨ᠂ ᠰᠢᠯᠢ ᠶᠢᠨ ᠭᠤᠤᠯ ᠤᠨ ᠲᠦᠯᠦᠭᠡᠯᠡᠭᠴᠢ ᠶᠢᠨ ᠠᠡᠭᠭᠢ 107 ᠤᠨᠤᠭ᠎ᠠ ᠪᠡᠷ ᠭᠤᠷᠪᠠᠳᠤᠭᠠᠷ ᠲᠦ ᠤᠷᠤᠪᠠ᠃


ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ