︆ 7 ᠰᠠᠷ᠎ᠠ ᠶᠢᠨ ︁︂23 ᠤ ᠡᠳᠦᠷ᠂ ︁︉︀︆2017 ᠦᠪᠦᠷ ᠮᠤᠡᠭᠭᠤᠯ ︽ᠶᠤᠧᠠᠨ ᠤ ᠳᠡᠭᠡᠳᠦ ᠨᠡᠶᠢᠰᠯᠡᠯ︾ᠬᠤᠨᠳᠠᠭᠠᠳᠦ ᠳᠤᠭᠤᠢ ᠲᠡᠷᠭᠡᠨ ᠤ ᠤᠷᠤᠯᠳᠤᠭᠠᠨ ᠵᠢᠴᠢ ᠦᠪᠦᠷ ᠮᠤᠡᠭᠭᠤᠯ ᠤᠨ ᠳᠤᠭᠤᠢ ᠲᠡᠷᠭᠡᠨ ᠤ ᠰᠢᠷᠢᠰ ᠤᠷᠤᠯᠳᠤᠭᠠᠨ ᠤ ᠰᠢᠯᠤᠭᠤᠨ ᠬᠦᠬᠡ ᠬᠤᠰᠢᠭᠤᠨ ᠳ᠋ᠡᠬᠢ ᠤᠷᠤᠯᠳᠤᠭᠠᠨ ᠡᠬᠢᠯᠡᠪᠡ᠃

 ᠳᠤᠭᠤᠢ ᠲᠡᠷᠭᠡᠨ ᠤ ᠤᠷᠤᠯᠳᠤᠭᠠᠨ.jpg

 ᠲᠤᠰ ᠤᠳᠠᠭᠠᠨ ᠤ ᠤᠷᠤᠯᠳᠤᠭᠠᠨ ᠢ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶᠠᠨ ᠡᠴᠡ ᠭᠤᠤᠯᠯᠠᠨ ᠡᠷᠬᠢᠯᠡᠵᠦ᠂ ᠪᠦᠬᠦᠢᠢᠯᠡ ᠤᠷᠤᠯᠳᠤᠭᠠᠨ ᠢ ᠳᠤᠮᠳᠠᠳᠦ ᠤᠯᠤᠰ ᠤᠨ ᠳᠤᠭᠤᠢ ᠲᠡᠷᠭᠡᠨ ᠤ ᠨᠡᠶᠢᠭᠡᠮᠯᠢᠭ ᠤᠨ ᠲᠤᠬᠳᠠᠭᠠᠬᠰᠠᠨ ᠬᠠᠮᠤᠬ ᠤᠨ ᠰᠢᠨ᠎ᠡ ᠲᠦᠷᠢᠮ ᠲᠤᠬᠳᠠᠭᠠᠯ ᠢᠶᠡᠷ ᠶᠠᠪᠤᠬᠳᠠᠭᠤᠯᠵᠦ ᠪᠤᠯᠤᠨ᠎ᠠ᠃ ᠤᠷᠤᠯᠳᠤᠭᠠᠨ ᠳ᠋ᠦ ᠤᠷᠤᠯᠴᠠᠬᠰᠠᠨ ᠲᠠᠮᠢᠷᠴᠢᠳ ᠤᠨ ᠨᠠᠰᠤ ᠪᠠ ᠮᠡᠷᠭᠡᠵᠢᠯ ᠤᠨ ᠬᠢᠷᠢ ᠲᠦᠪᠰᠢᠨ ᠢ ᠦᠨᠳᠦᠰᠦᠯᠡᠵᠦ᠂ ᠵᠠᠯᠠᠭᠤᠴᠤᠳ ᠤᠨ ᠡᠷᠡᠭᠲᠡᠢ ᠶᠢᠨ ᠪᠠᠬ᠂ ᠢᠳᠡᠷᠴᠦᠳ ᠤᠨ ᠡᠷᠡᠭᠲᠡᠢ ᠶᠢᠨ ᠪᠠᠬ᠂ ᠮᠡᠷᠭᠡᠵᠢᠯ ᠤᠨ ᠡᠷᠡᠭᠲᠡᠢ ᠶᠢᠨ ᠪᠠᠬ᠂ ᠡᠮᠡᠭᠲᠡᠢ ᠶᠢᠨ ᠪᠠᠬ ᠭᠡᠵᠦ ᠠᠳᠠᠯᠢ ᠪᠤᠰᠤ ᠤᠷᠤᠯᠳᠤᠭᠠᠨ ᠤ ᠳᠤᠭᠤᠶᠢᠯᠠᠡᠭ ᠬᠤᠪᠢᠶᠠᠬᠰᠠᠨ ᠪᠠᠶᠢᠨ᠎ᠠ᠃ ᠠᠳᠠᠯᠢ ᠪᠤᠰᠤ ᠪᠠᠬ ᠤᠨ ᠤᠷᠤᠯᠳᠤᠭᠠᠨ ᠤ ᠵᠠᠢ ᠶᠢ ︁︃24 ᠺᠢᠯᠤᠮᠧᠲᠷ᠂ ︂︅36 ᠺᠢᠯᠤᠮᠧᠲᠷ ᠂ 48 ᠺᠢᠯᠤᠮᠧᠲᠷ ᠭᠡᠵᠦ ᠲᠤᠬᠳᠠᠭᠠᠵᠠᠢ᠃ ᠤᠶᠢᠯᠠᠭᠠᠬᠰᠠᠨ ᠢᠶᠡᠷ᠂ ᠪᠦᠬᠦ ᠤᠯᠤᠰ ᠤᠨ 32 ᠳᠤᠭᠤᠢ ᠲᠡᠷᠭᠡᠨ ᠤ ᠪᠦᠯᠬᠦᠮ ᠤᠨ 200 ᠢᠯᠡᠭᠦᠦ ᠲᠠᠮᠢᠷᠴᠢᠳ ᠲᠤᠰ ᠤᠳᠠᠭᠠᠨ ᠤ ᠳᠤᠭᠤᠢ ᠲᠡᠷᠭᠡᠨ ᠤ ᠤᠷᠤᠯᠳᠤᠭᠠᠨ ᠳ᠋ᠦ ᠢᠳᠡᠪᠬᠢᠯᠡᠨ ᠤᠷᠤᠯᠴᠠᠬᠰᠠᠨ ᠪᠠᠶᠢᠨ᠎ᠠ᠃


ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ