8 ᠰᠠᠷ᠎᠎ᠠ ᠶᠢᠨ 12 ᠤᠨ ᠦᠳᠡ ᠶᠢᠨ ᠬᠤᠶᠢᠨ᠎ᠠ᠂ ᠳᠤᠯᠤᠳᠤᠭᠠᠷ ᠬᠤᠭᠤᠴᠠᠭᠠᠨ ᠤ ᠳᠤᠮᠳᠠᠳᠤ ᠤᠷᠤᠰ ᠮᠣᠩᠭᠣᠯ ᠤᠨ ᠤᠯᠠᠨ ᠤᠯᠤᠰ ᠤᠨ ᠵᠠᠯᠠᠭᠤ ᠪᠠᠭᠠᠴᠤᠳ ᠤᠨ ᠰᠫᠤᠷᠲ ᠤᠨ ᠴᠢᠭᠤᠯᠭᠠᠨ ᠮᠣᠩᠭᠣᠯ ᠤᠯᠤᠰ ᠤᠨ ᠨᠡᠶᠢᠰᠯᠡᠯ ᠤᠯᠠᠭᠠᠨᠪᠠᠭᠠᠲᠤᠷ ᠲᠤ ᠡᠬᠢᠯᠡᠪᠡ᠃

 ᠤᠶᠢᠯᠠᠭᠠᠭᠰᠠᠨ ᠢᠶᠡᠷ᠂ ᠲᠤᠰ ᠠᠵᠢᠯᠯᠠᠭ᠎ᠠ ᠨᠢ 5 ᠡᠳᠦᠷ ᠤᠨ ᠬᠤᠭᠤᠴᠠᠭ᠎ᠠ ᠲᠠᠢ ᠶᠠᠪᠤᠭᠳᠠᠨ᠎ᠠ᠂ ᠦᠪᠦᠷ ᠮᠣᠩᠭᠣᠯ ᠤᠨ 129 ᠲᠠᠮᠢᠷᠴᠢᠨ ᠳᠤᠮᠳᠠᠳᠤ ᠤᠯᠤᠰ ᠢ ᠲᠦᠯᠦᠭᠡᠯᠡᠨ ᠮᠣᠩᠭᠣᠯ ᠤᠯᠤᠰ ᠪᠤᠯᠤᠨ ᠤᠷᠤᠰ ᠤᠨ ᠪᠤᠷᠢᠶᠠᠳ ᠤᠨ ᠪᠦᠬᠦᠳᠡ ᠨᠠᠶᠢᠷᠠᠮᠳᠠᠬᠤ ᠤᠯᠤᠰ ᠤᠨ ᠲᠠᠮᠢᠷᠴᠢᠳ ᠲᠠᠢ ᠬᠦᠯ ᠪᠦᠮᠪᠦᠭᠡ᠂ ᠰᠠᠭᠰᠤᠨ ᠪᠦᠮᠪᠦᠭᠡ᠂ ᠠᠯᠠᠭᠠᠳᠠᠬᠤ ᠪᠦᠮᠪᠦᠭᠡ᠂ ᠭᠠᠵᠠᠷ ᠤᠨ ᠲ᠋ᠸᠨ᠋ᠨᠢᠰ᠂ ᠫᠢᠩᠫᠤᠩ ᠪᠦᠮᠪᠦᠭᠡ᠂ ᠪᠤᠺᠰ᠂ ᠬᠠᠷᠪᠤᠯᠲᠠ᠂ ᠴᠢᠯᠦᠭᠡᠲᠤ ᠪᠦᠬᠡ᠂ ᠵᠢᠤᠳᠤ᠂ ᠬᠦᠩᠭᠡᠨ ᠠᠲ᠋᠋ᠯᠸᠲ᠋ᠢᠪ᠂ ᠲᠠᠶᠸᠺᠦᠨᠳᠤ᠋ ᠵᠡᠷᠭᠡ 11 ᠲᠦᠷᠦᠯ ᠤᠨ ᠲᠡᠮᠡᠴᠡᠭᠡᠨ ᠳᠤ ᠦᠷᠢᠰᠦᠯᠳᠦᠬᠦ ᠪᠤᠯᠤᠨ᠎ᠠ᠃ ᠳᠤᠮᠳᠠᠳᠤ ᠤᠷᠤᠰ ᠮᠣᠩᠭᠣᠯ ᠤᠨ ᠤᠯᠠᠨ ᠤᠯᠤᠰ ᠤᠨ ᠵᠠᠯᠠᠭᠤ ᠪᠠᠭᠠᠴᠤᠳ ᠤᠨ ᠰᠫᠤᠷᠲ ᠤᠨ ᠴᠢᠭᠤᠯᠭᠠᠨ ᠢ ᠳᠤᠮᠳᠠᠳᠤ ᠤᠷᠤᠰ ᠮᠣᠩᠭᠣᠯ ᠭᠤᠷᠪᠠᠨ ᠤᠯᠤᠰ 2008 ᠤᠨ ᠳᠤ ᠬᠠᠮᠲᠤᠪᠡᠷ ᠡᠭᠦᠰᠭᠡᠨ ᠪᠠᠶᠢᠭᠤᠯᠵᠤ᠂ 2009 ᠤᠨ ᠳᠤ ᠮᠣᠩᠭᠣᠯ ᠤᠯᠤᠰ ᠤᠨ ᠤᠯᠠᠭᠠᠨᠪᠠᠭᠠᠲᠤᠷ ᠲᠤ ᠠᠩᠬᠠᠳᠤᠭᠠᠷ ᠬᠤᠭᠤᠴᠠᠭ᠎ᠠ ᠪᠡᠨ ᠶᠠᠪᠤᠭᠳᠠᠭᠤᠯᠵᠤ᠂ ᠬᠤᠶᠠᠳᠤᠭᠠᠷ ᠪᠤᠯᠤᠨ ᠲᠠᠪᠤᠳᠤᠭᠠᠷ ᠬᠤᠭᠤᠴᠠᠭ᠎ᠠ ᠶᠢ ᠳᠤᠮᠳᠠᠳᠤ ᠤᠯᠤᠰ ᠤᠨ ᠦᠪᠦᠷ ᠮᠣᠩᠭᠣᠯ ᠤᠨ ᠬᠦᠬᠡᠬᠤᠲᠠ ᠳᠤ ᠶᠠᠪᠤᠭᠳᠠᠭᠤᠯᠤᠭᠰᠠᠨ ᠶᠤᠮ᠃ 

( ᠰᠤᠷᠪᠤᠯᠵᠢᠯᠠᠭᠴᠢ ᠨᠢᠦ ᠲᠢᠶᠠᠨ ᠵᠢᠶᠠ)

 


ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ