W020140905253680917476.jpg

 ᠰᠢᠨᠬᠤᠸᠠ ᠬᠤᠷᠢᠶ᠎ᠠ   ᠪᠡᠭᠡᠵᠢᠩ ᠤᠨ 1 ᠰᠠᠷ᠎ᠠ ᠶᠢᠨ 12 ᠤᠨ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠸᠠᠩ ᠪᠢᠩ ᠶᠠᠩ ) ᠰᠡᠬᠦᠯ ᠤᠨ ᠦᠶ᠎ᠠ ᠳ᠋ᠤ᠂ ᠲᠤᠮᠲᠠᠲᠤ ᠤᠯᠤᠰ ᠤᠨ ᠰᠢᠮ᠎ᠡ ᠲᠡᠵᠢᠭᠡᠯ ᠤᠨ ᠤᠬᠠᠭᠠᠨ ᠤ ᠨᠡᠢᠢᠭᠡᠮᠯᠢᠭ᠌ ᠤᠨ ᠨᠠᠢᠢᠷᠠᠭᠤᠯᠤᠨ ᠵᠤᠬᠢᠶᠠᠭᠰᠠᠨ《ᠲᠤᠮᠲᠠᠲᠤ ᠤᠯᠤᠰ ᠤᠨ ᠰᠤᠷᠭᠠᠭᠤᠯᠢ ᠶᠢᠨ ᠨᠠᠰᠤᠨ ᠡᠴᠡ ᠡᠮᠦᠨᠡᠬᠢ ᠬᠡᠦᠬᠡᠳ ᠤᠨ ᠬᠤᠭᠤᠯᠠ ᠤᠮᠲᠠ ᠶᠢᠨ ᠬᠦᠲᠦᠯᠪᠦᠷᠢ ( 2016 ) 》 ᠶᠢ ᠲᠠᠷᠬᠠᠭᠠᠪᠠ᠃ 《ᠬᠦᠲᠦᠯᠪᠦᠷᠢ》 ᠳ᠋ᠤ ᠰᠤᠷᠭᠠᠭᠤᠯᠢ ᠶᠢᠨ ᠨᠠᠰᠤᠨ ᠡᠴᠡ ᠡᠮᠦᠨᠡᠬᠢ ᠬᠡᠦᠬᠡᠳ ᠤᠨ ᠭᠡᠷ ᠤᠨ ᠭᠠᠲᠠᠨᠠᠬᠢ ᠬᠦᠲᠡᠯᠭᠡᠭᠡᠨ ᠡᠲᠦᠷ ᠪᠤᠯᠭᠠᠨ 1 ᠴᠠᠭ ᠡᠴᠡ ᠪᠠᠭ᠎ᠠ ᠪᠠᠢᠢᠵᠤ ᠪᠤᠯᠬᠤ ᠦᠭᠡᠢ᠂ ᠤᠰᠤ ᠢᠯᠡᠬᠦᠭᠡᠨ ᠤᠤᠭᠤᠵᠤ᠂ ᠰᠢᠬᠢᠷ ᠠᠭᠤᠯᠤᠭᠰᠠᠨ ᠤᠮᠲᠠᠭᠠᠨ ᠤᠤᠭᠤᠬᠤ ᠦᠭᠡᠢ᠃ ᠬᠤᠭᠤᠯᠠ ᠭᠤᠯᠤᠬᠤ ᠦᠭᠡᠢ᠂ ᠬᠡᠲᠦᠷᠡᠲᠠᠯ᠎ᠠ ᠢᠲᠡᠬᠦ ᠦᠭᠡᠢ᠂ ᠪᠠᠶ᠎ᠠ ᠶᠢᠨ ᠵᠢᠩ ᠪᠠ ᠪᠠᠶ᠎ᠠ ᠶᠢᠨ ᠦᠨᠳᠦᠷ ᠲᠡᠩᠴᠡᠭᠦᠷᠢᠲᠡᠢ ᠪᠠᠢᠢᠬᠤ ᠶᠢ ᠰᠠᠨᠠᠭᠤᠯᠪᠠ᠃

 ᠡᠨᠡᠬᠦ 《ᠬᠦᠲᠦᠯᠪᠦᠷᠢ》 ᠶᠢ ᠨᠡᠢᠢᠲᠡᠯᠡᠬᠦ ᠬᠤᠷᠠᠯ ᠲᠡᠭᠡᠷ᠎ᠡ᠂ ᠪᠡᠭᠡᠵᠢᠩ ᠶᠡᠬᠡ ᠰᠤᠷᠭᠠᠭᠤᠯᠢ ᠶᠢᠨ ᠤᠯᠠᠨ ᠨᠡᠢᠢᠲᠡ ᠶᠢᠨ ᠡᠷᠡᠬᠦᠯ ᠬᠠᠮᠠᠭᠠᠠᠯᠠᠯ ᠤᠨ ᠲᠡᠭᠡᠳᠦ ᠰᠤᠷᠭᠠᠭᠤᠯᠢ ᠶᠢᠨ ᠰᠢᠮ᠎ᠡ ᠲᠡᠵᠢᠭᠡᠯ ᠪᠠ ᠢᠲᠡᠭᠡᠨ ᠤᠮᠲᠠᠭᠠᠨ ᠤ ᠡᠷᠡᠬᠦᠯ ᠬᠠᠮᠠᠭᠠᠯᠠᠯ ᠤᠨ ᠰᠠᠯᠪᠤᠷᠢ ᠶᠢᠨ ᠫᠷᠤᠹᠸᠰᠰᠤᠷ ᠮᠠ ᠭᠤᠸᠠᠨ ᠱᠸᠩ ᠬᠡᠯᠡᠬᠦ ᠳ᠋ᠡᠭᠡᠨ᠂ ᠬᠡᠦᠬᠡᠳ ᠶᠠᠭ ᠦᠰᠦᠨ ᠪᠤᠢᠢᠵᠢᠬᠤ ᠬᠤᠭᠤᠴᠠᠭᠠᠨ ᠳ᠋ᠠᠭᠠᠨ ᠪᠠᠢᠢᠭ᠎ᠠ ᠪᠤᠯᠬᠤᠷ ᠰᠢᠮ᠎ᠡ ᠲᠡᠵᠢᠭᠡᠯ ᠰᠠᠢᠢᠲᠠᠢ ᠢᠲᠠᠭᠡᠨ ᠤᠮᠲᠠᠭᠠᠨ ᠶᠢᠡᠷ ᠪᠠᠲᠤᠯᠠᠭ᠎ᠠ ᠬᠠᠩᠭ᠋ᠠᠬᠤ ᠬᠡᠷᠡᠭᠲᠡᠢ᠃ ᠮᠦᠨ ᠡᠬᠦᠨ ᠡᠴᠡ ᠭᠠᠲᠠᠨ᠎ᠠ ᠪᠠᠶ᠎ᠠ ᠶᠢᠨ ᠲᠠᠮᠢᠷ ᠤᠨ ᠬᠦᠲᠡᠯᠭᠡᠭᠡᠨ ᠳ᠋ᠤ ᠤᠷᠤᠯᠴᠠᠬᠤ ᠶᠢ ᠵᠤᠷᠢᠭᠵᠢᠭᠤᠯᠵᠤ᠂ ᠭᠠᠷᠠᠭ ᠪᠤᠯᠭᠠᠨ 3 ᠤᠲᠠᠭ᠎ᠠ ᠪᠤᠯᠪᠠᠰᠤᠷᠠᠯ ᠳ᠋ᠤ ᠤᠷᠤᠯᠴᠠᠪᠠᠯ ᠰᠠᠢᠢᠨ ᠪᠠᠢᠢᠲᠠᠭ᠃

《ᠲᠤᠮᠲᠠᠲᠤ ᠤᠯᠤᠰ ᠤᠨ ᠰᠤᠷᠭᠠᠭᠤᠯᠢ ᠶᠢᠨ ᠨᠠᠰᠤᠨ ᠡᠴᠡ ᠡᠮᠦᠨᠡᠬᠢ ᠬᠡᠦᠬᠡᠳ ᠤᠨ ᠬᠤᠭᠤᠯᠠ ᠤᠮᠲᠠ ᠶᠢᠨ ᠬᠦᠲᠦᠯᠪᠦᠷᠢ 》 ᠪᠤᠯ ᠲᠤᠮᠲᠠᠲᠤ ᠤᠯᠤᠰ ᠤᠨ ᠰᠢᠮ᠎ᠡ ᠲᠡᠵᠢᠭᠡᠯ ᠤᠨ ᠤᠬᠠᠭᠠᠨ ᠤ ᠨᠡᠢᠢᠭᠡᠮᠯᠢᠭ᠌ ᠤᠨ ᠬᠤᠭᠤᠯᠠ ᠤᠮᠲᠠ ᠶᠢᠨ ᠬᠦᠲᠦᠯᠪᠦᠷᠢ ᠶᠢᠨ ᠠᠵᠢᠯ ᠤᠨ ᠨᠢᠭᠡ ᠲᠦᠷᠦᠯ ᠪᠠᠢᠢᠵᠤ᠂ ᠭᠡᠷ  ᠤᠨ ᠠᠬᠠᠮᠠᠳ ᠪᠠ ᠰᠤᠷᠭᠠᠭᠤᠯᠢ ᠳ᠋ᠤ ᠬᠤᠭᠤᠯᠠ ᠤᠮᠲᠠ ᠶᠢᠨ ᠵᠢᠯᠤᠭᠤᠲᠤᠯᠭ᠎ᠠ ᠬᠠᠩᠭᠠᠵᠤ᠂ ᠬᠡᠦᠬᠡᠤᠨ ᠤᠨ ᠡᠷᠡᠬᠦᠯ ᠶᠢᠡᠷ ᠦᠰᠦᠨ ᠪᠤᠢᠢᠵᠢᠬᠤ ᠳ᠋ᠤᠨᠢ ᠪᠠᠲᠤᠯᠠᠭ᠎ᠠ ᠬᠠᠩᠭᠠᠬᠤ ᠪᠤᠯᠤᠨ᠎ᠠ᠃


 


ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ