ᠬᠡᠵᠢᠶ᠎ᠡ ᠠᠴᠠ ᠡᠬᠢᠯᠡᠨ᠂《ᠺᠣᠹᠧ ᠨᠢ ᠥᠭᠡᠬᠦ ᠶᠢ ᠪᠠᠭᠠᠰᠬᠠᠵᠤ ᠴᠢᠳᠠᠨ᠎ᠠ》ᠭᠡᠰᠡᠨ ᠴᠢᠮᠡᠭᠡ ᠲᠠᠷᠬᠠᠭᠰᠠᠨ ᠢ ᠪᠦᠦ ᠮᠡᠳᠡ᠃ ᠮᠠᠰᠢ ᠣᠯᠠᠨ ᠡᠮᠡᠭᠲᠡᠶᠢᠴᠦᠳ ᠡᠷᠲᠡ ᠪᠣᠰᠤᠭᠰᠠᠨ ᠤ ᠪᠠᠨ ᠳᠠᠷᠠᠭ᠎ᠠ ᠨᠢᠭᠡ ᠴᠣᠮᠣ ᠬᠠᠷ᠎ᠠ ᠺᠣᠹᠧ ᠤᠤᠭᠤᠨ᠂ ᠥᠪᠡᠷ ᠢ ᠪᠠᠨ ᠤᠯᠠᠮ ᠡᠴᠡᠩᠬᠡᠢ ᠤᠯᠠᠮ ᠭᠤᠶᠤ ᠪᠣᠯᠬᠤ ᠶᠢ ᠬᠦᠰᠡᠨ᠂ ᠪᠠᠰᠠ ᠵᠠᠷᠢᠮ ᠡᠷᠡᠭᠲᠡᠶᠢᠴᠦᠳ ᠪᠡᠶ᠎ᠡ ᠶᠢᠨ ᠲᠠᠮᠢᠷ ᠤᠨ ᠬᠥᠳᠡᠯᠭᠡᠭᠡᠨ ᠬᠢᠬᠦ ᠶᠢᠨ ᠢᠶᠠᠨ ᠡᠮᠦᠨ᠎ᠡ ᠬᠤᠶᠢᠨ᠎ᠠ ᠺᠣᠹᠧ ᠤᠤᠭᠤᠵᠤ᠂ ᠥᠪᠡᠷ ᠤᠨ ᠬᠥᠳᠡᠯᠭᠡᠭᠡᠨ ᠤ ᠦᠷ᠎ᠡ ᠪᠦᠲᠦᠮᠵᠢ ᠨᠠᠩ ᠰᠠᠶᠢᠨ ᠪᠣᠯᠬᠤ ᠶᠢ ᠬᠦᠰᠡᠳᠡᠭ ᠪᠣᠯᠵᠠᠢ᠃ ᠲᠡᠭᠡᠪᠡᠯ ᠺᠣᠹᠧ ᠶᠢᠨ ᠥᠭᠡᠬᠦ ᠪᠠᠭᠤᠷᠠᠭᠤᠯᠬᠤ ᠦᠢᠯᠡᠳᠦᠯ ᠨᠢ ᠴᠤᠬᠤᠮ ᠰᠢᠨᠵᠢᠯᠡᠬᠦ ᠤᠬᠠᠭᠠᠨ ᠤ ᠦᠨᠳᠦᠰᠦ ᠪᠠᠷᠢᠮᠲᠠ ᠪᠠᠶᠢᠨ᠎ᠠ ᠦᠦ ᠦᠭᠡᠶ ᠦᠦ︖ ᠰᠤᠷᠪᠤᠯᠵᠢᠯᠠᠭᠴᠢ ᠡᠭᠦᠨ ᠤ ᠲᠤᠬᠠᠶ ᠵᠢᠨᠠᠨ ᠶᠡᠭᠡ ᠰᠤᠷᠭᠠᠭᠤᠯᠢ ᠶᠢᠨ ᠬᠠᠷᠢᠶᠠᠲᠤ ᠨᠢᠭᠡᠳᠦᠭᠡᠷ ᠡᠮᠨᠡᠯᠭᠡ ᠶᠢᠨ ᠬᠤᠷᠢᠶᠠᠨ ᠤ ᠳᠡᠳ᠋ ᠡᠷᠬᠢᠯᠡᠭᠴᠢ ᠡᠮᠴᠢ ᠯᠦ ᠬᠤᠸᠠ ᠶᠢ ᠰᠤᠷᠪᠤᠯᠵᠢᠯᠠᠪᠠ᠃
ᠺᠣᠹᠧ ᠨᠢ ᠺᠠᠯᠣᠷᠢ ᠶᠢᠨ ᠰᠢᠲᠠᠬᠤ ᠬᠤᠷᠳᠤᠴᠠ ᠶᠢ ᠲᠦᠷᠭᠡᠳᠬᠡᠨ᠎ᠡ
ᠯᠦ ᠬᠤᠸᠠ ᠲᠠᠨᠢᠯᠴᠠᠭᠤᠯᠬᠤ ᠳᠠᠭᠠᠨ᠂ ᠺᠣᠹᠧ ᠪᠣᠯ ᠮᠠᠰᠢ ᠣᠯᠠᠨ ᠬᠥᠮᠦᠨ ᠤ ᠳᠤᠷᠠᠲᠠᠶ ᠤᠮᠳᠠᠭᠠᠨ ᠪᠣᠯᠤᠨ᠎ᠠ᠃ ᠺᠣᠹᠧᠶ᠋ᠢᠨ ᠪᠣᠯ ᠨᠢᠭᠡ ᠵᠦᠢᠯ ᠤᠨ ᠥᠭᠡᠬᠦ ᠰᠢᠲᠠᠭᠠᠬᠤ ᠪᠣᠳᠠᠰ ᠮᠦᠨ᠃ ᠮᠥᠨ ᠴᠦ ᠣᠳᠣᠬᠠᠨ ᠳᠤ ᠨᠢᠭᠡᠨᠲᠡ ᠮᠡᠳᠡᠵᠦ ᠪᠠᠶᠢᠭ᠎ᠠ ᠴᠥᠭᠡᠨ ᠲᠣᠭᠠᠨ ᠤ ᠥᠭᠡᠬᠦᠨ ᠨᠡᠬᠡᠳᠡᠰᠦ ᠶᠢᠨ ᠥᠭᠡᠬᠦ ᠶᠢ ᠳᠠᠶᠢᠴᠢᠯᠠᠬᠤ ᠳᠤ ᠬᠠᠪᠰᠤᠷᠤᠮᠵᠢ ᠪᠣᠯᠬᠤ ᠪᠥᠭᠡᠳ ᠰᠢᠨ᠎ᠡ ᠬᠠᠭᠤᠴᠢᠨ ᠤ ᠰᠣᠯᠢᠯᠴᠠᠭ᠎ᠠ ᠶᠢ ᠳᠡᠭᠡᠭᠰᠢᠯᠡᠭᠦᠯᠬᠦ ᠪᠣᠳᠠᠰ ᠪᠣᠯᠤᠨ᠎ᠠ᠃
ᠺᠣᠹᠧ ᠤᠤᠭᠤᠮᠠᠭᠴᠠ ᠮᠡᠳᠡᠷᠡᠯ ᠤᠨ ᠰᠢᠰᠲ᠋ᠧᠮ ᠳᠤ ᠰᠢᠭᠤᠳ ᠰᠡᠳᠡᠯᠲᠡ ᠥᠭᠴᠦ᠂ ᠥᠭᠡᠬᠦ ᠶᠢᠨ ᠡᠰ ᠲᠤ ᠳᠣᠬᠢᠶ᠎ᠠ ᠬᠦᠷᠭᠡᠨ᠂ ᠪᠥᠭᠡᠷ᠎ᠡ ᠶᠢᠨ ᠳᠡᠭᠡᠳᠦ ᠪᠤᠯᠴᠢᠷᠬᠠᠢ ᠶᠢᠨ ᠡᠳ᠋ ᠢᠶᠠᠷ ᠳᠠᠮᠵᠢᠭᠤᠯᠤᠨ ᠥᠭᠡᠬᠦ ᠶᠢᠨ ᠵᠠᠳᠠᠷᠠᠯᠲᠠ ᠶᠢ ᠪᠡᠶᠡᠯᠡᠭᠦᠯᠳᠡᠭ᠃ ᠡᠶᠢᠮᠦ ᠠᠴᠠ ᠺᠣᠹᠧ ᠤᠤᠭᠤᠬᠤ ᠨᠢ ᠦᠨᠡᠬᠡᠷ ᠵᠣᠬᠢᠬᠤ ᠬᠡᠮᠵᠢᠶᠡᠨ ᠤ ᠥᠭᠡᠬᠦ ᠪᠠᠭᠤᠷᠠᠭᠤᠯᠬᠤ ᠦᠢᠯᠡᠳᠦᠯ ᠲᠠᠢ ᠶᠤᠮ᠃
ᠰᠢᠨ᠎ᠡ ᠬᠠᠭᠤᠴᠢᠨ ᠤ ᠰᠣᠯᠢᠯᠴᠠᠭ᠎ᠠ ᠶᠢ ᠳᠡᠭᠡᠭᠰᠢᠯᠡᠭᠦᠯᠬᠦ ᠨᠣᠷᠮ᠎ᠠ ᠨᠢ 3%~11% ᠳᠤ ᠬᠦᠷᠦᠨ᠎ᠡ
ᠠᠷᠢᠶ᠎ᠠ ᠰᠢᠭᠤᠷᠠᠭᠤᠯᠬᠤ ᠭᠡᠰᠡᠨ ᠬᠥᠮᠦᠨ ᠳᠤ ᠠᠪᠴᠤ ᠬᠡᠯᠡᠪᠡᠯ᠂ ᠰᠠᠭᠤᠷᠢ ᠰᠢᠨ᠎ᠡ ᠬᠠᠭᠤᠴᠢᠨ ᠤ ᠰᠣᠯᠢᠯᠴᠠᠭᠠᠨ ᠤ ᠨᠣᠷᠮ᠎ᠠ ᠶᠢᠨ ᠦᠨᠳᠦᠷ ᠪᠣᠭᠤᠨᠢ ᠨᠢ ᠵᠢᠩ ᠪᠠᠭᠤᠷᠠᠬᠤ ᠶᠢᠨ ᠵᠠᠩᠭᠢᠯᠠᠭ᠎ᠠ ᠪᠣᠯᠤᠨ᠎ᠠ᠃ ᠯᠦ ᠬᠤᠸᠠ ᠲᠠᠨᠢᠯᠴᠠᠭᠤᠯᠬᠤ ᠳᠠᠭᠠᠨ᠂ ᠰᠣᠯᠢᠯᠴᠠᠭᠠᠨ ᠤ ᠨᠣᠷᠮ᠎ᠠ ᠨᠢ ᠬᠡᠳᠦᠶ ᠥᠨᠳᠥᠷ ᠪᠣᠯ ᠵᠢᠩ ᠪᠠᠭᠤᠷᠠᠭᠤᠯᠬᠤ ᠳᠤ ᠲᠡᠳᠦᠶ ᠠᠮᠠᠷᠬᠠᠨ ᠪᠠᠶᠢᠳᠠᠭ᠃
ᠰᠤᠳᠤᠯᠭᠠᠨ ᠠᠴᠠ ᠦᠵᠡᠪᠡᠯ᠂ ᠺᠣᠹᠧᠶ᠋ᠢᠨ ᠨᠢ ᠬᠥᠮᠦᠰ ᠢ ᠬᠠᠪᠰᠤᠷᠴᠤ ᠰᠠᠭᠤᠷᠢ ᠰᠣᠯᠢᠯᠴᠠᠭ᠎ᠠ ᠶᠢᠨ ᠨᠤᠷᠮ᠎ᠠ ᠶᠢ 3%~11% ᠪᠠᠷ ᠳᠡᠭᠡᠭᠰᠢᠯᠡᠭᠦᠯᠵᠦ ᠴᠢᠳᠠᠬᠤ ᠮᠥᠷᠲᠡᠭᠡᠨ ᠺᠣᠹᠧᠶ᠋ᠢᠨ ᠤ ᠬᠡᠮᠵᠢᠶ᠎ᠡ ᠨᠢ ᠤᠯᠠᠮ ᠶᠡᠭᠡ ᠪᠣᠯ ᠦᠷ᠎ᠡ ᠳ᠋ᠦᠩ ᠨᠢ ᠤᠯᠠᠮ ᠢᠯᠡᠷᠬᠡᠶ ᠪᠠᠶᠢᠳᠠᠭ᠃ ᠲᠡᠷᠡᠴᠢᠯᠡᠨ ᠣᠯᠠᠩᠬᠢ ᠰᠢᠨ᠎ᠡ ᠬᠠᠭᠤᠴᠢᠨ ᠤ ᠰᠣᠯᠢᠯᠴᠠᠭᠠᠨ ᠤ ᠳᠡᠭᠡᠭᠰᠢᠯᠡᠯᠲᠡ ᠨᠢ ᠴᠥᠮ ᠥᠭᠡᠬᠦ ᠶᠢᠨ ᠰᠢᠲᠠᠯᠲᠠ ᠳᠤ ᠦᠢᠯᠡᠴᠢᠯᠡᠳᠡᠭ᠃ ᠶᠡᠷᠦ ᠳᠡᠭᠡᠨ ᠠᠪᠴᠤ ᠬᠡᠯᠡᠪᠡᠯ᠂ ᠡᠳᠦᠷ ᠪᠦᠷᠢ 300 ᠮᠢᠯᠢᠭᠷᠡᠮ ᠺᠣᠹᠧᠶ᠋ᠢᠨ ᠢᠳᠡᠪᠡᠯ ᠢᠯᠡᠭᠦᠦ 79 ᠶᠡᠭᠡ ᠺᠠᠯᠣᠷᠢ ᠶᠢᠨ ᠢᠯᠴᠢ ᠶᠢ ᠬᠤᠷᠣᠭᠳᠠᠭᠤᠯᠳᠠᠭ᠃
ᠭᠡᠪᠡᠴᠦ ᠬᠠᠷᠠᠮᠰᠠᠯᠲᠠᠢ ᠨᠢ ᠡᠨᠡ ᠬᠦ ᠦᠢᠯᠡᠳᠦᠯ ᠨᠢ ᠮᠠᠷᠢᠶ᠎ᠠ ᠲᠠᠢ ᠬᠥᠮᠦᠨ ᠤ ᠪᠡᠶ᠎ᠡ ᠳᠡᠭᠡᠷ᠎ᠡ ᠢᠯᠡᠷᠬᠡᠶ ᠪᠢᠰᠢ᠃ ᠬᠤᠯᠪᠣᠭᠳᠠᠯ ᠪᠦᠬᠦᠢ ᠰᠤᠳᠤᠯᠭᠠᠨ ᠤ ᠢᠯᠡᠷᠡᠭᠦᠯᠦᠭᠰᠡᠨ ᠢᠶᠠᠷ᠂ ᠥᠭᠡᠬᠦ ᠶᠢᠨ ᠰᠢᠲᠠᠯᠲᠠ ᠶᠢᠨ ᠦᠷ᠎ᠡ ᠳ᠋ᠦᠩ ᠨᠢ ᠡᠴᠡᠩᠬᠡᠢ ᠬᠥᠮᠦᠨ ᠤ ᠪᠡᠶ᠎ᠡ ᠳᠡᠭᠡᠷ᠎ᠡ 29% ᠪᠠᠷ ᠳᠡᠭᠡᠭᠰᠢᠯᠡᠳᠡᠭ ᠪᠣᠯ ᠮᠠᠷᠢᠶ᠎ᠠ ᠲᠠᠢ ᠬᠥᠮᠦᠨ ᠤ ᠪᠡᠶ᠎ᠡ ᠳᠡᠭᠡᠷ᠎ᠡ ᠵᠥᠪᠬᠡᠨ 10% ᠪᠠᠷ ᠳᠡᠭᠡᠭᠰᠢᠯᠡᠨ᠎ᠡ᠃ ᠥᠭᠡᠷ᠎ᠡ ᠪᠠᠷ ᠬᠡᠯᠡᠪᠡᠯ᠂ ᠺᠣᠹᠧ ᠰᠢᠨ᠎ᠡ ᠬᠠᠭᠤᠴᠢᠨ ᠤ ᠰᠣᠯᠢᠯᠴᠠᠭᠠᠨ ᠤ ᠨᠣᠷᠮ᠎ᠠ ᠶᠢ ᠳᠡᠭᠡᠭᠰᠢᠯᠡᠭᠦᠯᠬᠦ ᠳᠤ᠂ ᠥᠭᠡᠬᠦ ᠶᠢᠨ ᠰᠢᠲᠠᠯᠲᠠ ᠨᠢ ᠵᠠᠯᠠᠭᠤ ᠬᠥᠮᠦᠨ ᠤ ᠪᠡᠶ᠎ᠡ ᠳᠡᠭᠡᠷ᠎ᠡ ᠨᠠᠩ ᠢᠯᠡᠷᠬᠡᠶ ᠦᠷ᠎ᠡ ᠪᠦᠲᠦᠮᠵᠢ ᠣᠯᠵᠤ᠂ ᠨᠠᠰᠤ ᠨᠡᠮᠡᠭᠳᠡᠬᠦ ᠶᠢ ᠳᠠᠭᠠᠯᠳᠤᠨ ᠪᠠᠭᠠᠰᠬᠤ ᠬᠠᠨᠳᠤᠰᠢ ᠬᠠᠨᠳᠤᠰᠢ ᠲᠠᠢ ᠪᠠᠶᠢᠳᠠᠭ ᠢ ᠢᠯᠡᠷᠡᠭᠦᠯᠵᠡᠶ᠃
ᠰᠤᠳᠤᠯᠭᠠᠨ ᠳᠤ ᠢᠯᠡᠷᠡᠭᠦᠯᠦᠭᠰᠡᠨ ᠢᠶᠠᠷ᠂ ᠬᠥᠳᠡᠯᠭᠡᠭᠡᠨ ᠬᠢᠬᠦ ᠠᠴᠠ 1 ᠴᠠᠭ ᠤᠨ ᠡᠮᠦᠨ᠎ᠡ 5mg/kg ᠤᠨ ᠬᠡᠮᠵᠢᠶ᠎ᠡ ᠪᠠᠷ ᠺᠣᠹᠧᠶ᠋ᠢᠨ ᠢᠳᠡᠪᠡᠯ ᠳᠠᠭᠠᠭᠠᠮᠠᠭᠠᠶ ᠬᠥᠳᠡᠯᠭᠡᠭᠡᠨ ᠤ ᠢᠯᠡᠷᠡᠯ ᠢ 5% ᠪᠠᠷ ᠳᠡᠭᠡᠭᠰᠢᠯᠡᠭᠦᠯᠦᠨ᠎ᠡ᠃ ᠣᠶᠢᠷ᠎ᠠ ᠶᠢᠨ ᠬᠤᠭᠤᠴᠠᠭᠠᠨ ᠤ ᠰᠤᠳᠤᠯᠭᠠᠨ ᠳᠤ ᠪᠠᠰᠠ 3mg/kg ᠤᠨ ᠬᠡᠮᠵᠢᠶ᠎ᠡ ᠨᠢ ᠪᠠᠰᠠ ᠠᠳᠠᠯᠢᠪᠲᠤᠷ ᠦᠷ᠎ᠡ ᠳ᠋ᠦᠩ ᠣᠯᠬᠤ ᠶᠢ ᠣᠯᠵᠤ ᠮᠡᠳᠡᠵᠡᠶ᠃ ᠪᠦᠯᠬᠦᠮ ᠨᠡᠶᠢᠲᠡ ᠶᠢᠨ ᠬᠥᠳᠡᠯᠭᠡᠭᠡᠨ᠂ ᠡᠷᠴᠢᠮ ᠴᠢᠩᠭ᠎ᠠ ᠬᠥᠳᠡᠯᠭᠡᠭᠡᠨ ᠵᠢᠴᠢ ᠬᠠᠮ ᠡᠰᠡᠷᠭᠦᠴᠡᠯ ᠤᠨ ᠪᠣᠯᠪᠠᠰᠤᠷᠠᠯ ᠤᠨ ᠳᠤᠮᠳᠠ ᠪᠦᠷ ᠠᠳᠠᠯᠢᠪᠲᠤᠷ ᠦᠷ᠎ᠡ ᠪᠦᠲᠦᠮᠵᠢ ᠣᠯᠵᠤ ᠪᠣᠯᠤᠨ᠎ᠠ᠃
ᠺᠣᠹᠧ ᠠᠷᠪᠢᠨ ᠤᠤᠭᠤᠪᠠᠯ ᠪᠠᠰᠠ ᠳᠠᠭᠠᠭᠠᠮᠠᠭᠠᠢ ᠪᠣᠯᠣᠨ᠎ᠠ
ᠯᠦ ᠬᠤᠸᠠ ᠶᠢᠨ ᠬᠡᠯᠡᠬᠦ ᠪᠠᠷ᠂ ᠺᠣᠹᠧᠶ᠋ᠢᠨ ᠤ ᠭᠠᠶᠢᠬᠠᠮᠰᠢᠭᠲᠤ ᠦᠷ᠎ᠡ ᠳ᠋ᠦᠩ ᠨᠢ ᠬᠡᠵᠢᠶᠡᠳᠡ ᠦᠷᠭᠦᠯᠵᠢᠯᠡᠬᠦ ᠪᠢᠰᠢ ᠶᠤᠮ᠃ ᠵᠠᠷᠢᠮ ᠬᠥᠮᠦᠨ ᠺᠣᠹᠧᠶ᠋ᠢᠨ ᠳᠤ ᠳᠠᠭᠠᠭᠠᠮᠠᠭᠠᠢ ᠪᠣᠯᠳᠠᠭ᠂ ᠳᠥᠭᠦᠮᠬᠡᠨ ᠢᠶᠠᠷ ᠬᠡᠯᠡᠪᠡᠯ᠂ ᠥᠩᠭᠡᠷᠡᠭᠰᠡᠨ ᠳᠤ ᠨᠢᠭᠡ ᠴᠣᠮᠣ ᠺᠣᠹᠧ ᠤᠤᠭᠤᠪᠠᠯ ᠲᠠᠷᠢᠬᠢ ᠰᠡᠷᠭᠦᠳᠡᠭ ᠪᠠᠶᠢᠭᠰᠠᠨ ᠪᠣᠯ ᠤᠳᠤ ᠬᠤᠶᠠᠷ ᠪᠤᠶᠤ ᠭᠤᠷᠪᠠᠨ ᠴᠣᠮᠣ ᠤᠤᠭᠤᠪᠠᠯ ᠰᠠᠶ᠋ᠢ ᠤᠤᠯ ᠤᠨ ᠬᠢ ᠲᠠᠢ ᠪᠠᠨ ᠠᠳᠠᠯᠢ ᠦᠷ᠎ᠡ ᠳ᠋ᠦᠩ ᠳᠤ ᠬᠦᠷᠴᠦ ᠴᠢᠳᠠᠨ᠎ᠠ᠃
ᠣᠬᠤᠷ ᠬᠤᠭᠤᠴᠠᠭ᠎ᠠ ᠪᠠᠷ ᠠᠪᠴᠤ ᠬᠡᠯᠡᠪᠡᠯ᠂ ᠺᠣᠹᠧᠶ᠋ᠢᠨ ᠨᠢ ᠰᠢᠨ᠎ᠡ ᠬᠠᠭᠤᠴᠢᠨ ᠤ ᠰᠣᠯᠢᠯᠴᠠᠭᠠᠨ ᠤ ᠨᠣᠷᠮ᠎ᠠ ᠶᠢ ᠳᠡᠭᠡᠭᠰᠢᠯᠡᠭᠦᠯᠵᠦ ᠥᠭᠡᠬᠦ ᠶᠢᠨ ᠰᠢᠲᠠᠯᠲᠠ ᠶᠢ ᠨᠡᠮᠡᠭᠳᠡᠭᠦᠯᠳᠡᠭ ᠪᠣᠯᠪᠠᠴᠤ ᠤᠳᠠᠯ ᠥᠬᠡᠶ ᠡᠨᠡ ᠬᠦ ᠦᠷ᠎ᠡ ᠳ᠋ᠦᠩ ᠳᠤ ᠳᠠᠭᠠᠭᠠᠮᠠᠭᠠᠢ ᠪᠣᠯᠳᠠᠭ᠃ ᠡᠶᠢᠮᠦ ᠠᠴᠠ ᠺᠣᠹᠧ ᠨᠢ ᠥᠭᠡᠬᠦ ᠶᠢ ᠪᠠᠭᠠᠰᠬᠠᠳᠠᠭ ᠪᠣᠯᠪᠠᠴᠤ ᠣᠷᠳᠣ ᠬᠤᠭᠤᠴᠠᠭᠠᠨ ᠤ ᠦᠷ᠎ᠡ ᠪᠦᠲᠦᠮᠵᠢ ᠨᠢ ᠲᠡᠶᠢᠮᠦ ᠢᠯᠡᠷᠬᠡᠶ ᠪᠢᠰᠢ ᠶᠤᠮ᠃ ᠬᠡᠷᠪᠡ ᠵᠥᠪᠬᠡᠨ ᠺᠣᠹᠧ ᠶᠢᠨ ᠥᠭᠡᠬᠦ ᠰᠢᠲᠠᠭᠠᠬᠤ ᠦᠷ᠎ᠡ ᠳ᠋ᠦᠩ ᠢ ᠠᠰᠢᠭᠯᠠᠬᠤ ᠶᠢᠨ ᠬᠠᠮᠲᠤ ᠪᠠᠰᠠ ᠲᠡᠭᠦᠨ ᠳᠤ ᠳᠠᠭᠠᠭᠠᠮᠠᠭᠠᠢ ᠪᠣᠯᠬᠤ ᠠᠴᠠ ᠵᠠᠶᠢᠯᠠᠰᠬᠢᠬᠤ ᠭᠡᠪᠡᠯ᠂ ᠬᠤᠶᠠᠷ ᠭᠠᠷᠠᠭ ᠬᠡᠷᠡᠭᠯᠡᠪᠡᠯ ᠬᠤᠶᠠᠷ ᠭᠠᠷᠠᠭ ᠬᠡᠷᠡᠭᠯᠡᠬᠦ ᠪᠠᠨ ᠵᠣᠭᠰᠤᠬᠤ ᠮᠡᠲᠦ ᠪᠠᠷ ᠣᠷᠴᠢᠯᠲᠤᠭᠤᠯᠤᠨ ᠠᠰᠢᠭᠯᠠᠵᠤ ᠪᠣᠯᠣᠨ᠎ᠠ᠃
ᠢᠷᠡᠯᠳᠡ :
ᠠᠷᠠᠳ ᠤᠨ ᠰᠦᠯᠵᠢᠶ᠎ᠡ
ᠮᠧᠡᠭ ᠰᠢᠶᠠᠡᠭ ᠳ᠋ᠦᠡᠭ ᠸᠢᠴᠠᠲ ᠤᠨ ᠨᠡᠶᠢᠳᠡ ᠶᠢᠨ ᠲᠠᠪᠴᠠᠡᠭ
ᠦᠪᠦᠷ ᠮᠤᠡᠭᠭᠤᠯ ᠤᠨ ᠪᠦᠬᠦ ᠠᠷᠠᠳ ᠢᠶᠡᠷ ᠢᠶᠡᠨ ᠪᠡᠶ᠎ᠡ ᠪᠡᠨ ᠴᠢᠬᠢᠷᠠᠬᠵᠢᠭᠤᠯᠬᠤ ᠨᠡᠶᠢᠳᠡ ᠶᠢᠨ ᠦᠢᠯᠡᠴᠢᠯᠡᠭᠡᠨ ᠤ ᠲᠠᠪᠴᠠᠡᠭ
ᠮᠧᠡᠭ ᠰᠢᠶᠠᠡᠭ ᠳ᠋ᠦᠡᠭ APP
ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ
ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ
ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ