《ᠲᠠᠮ ᠲᠠᠮᠠᠬᠢ》ᠲᠠᠲᠠᠬᠤ ᠨᠢ ᠪᠠᠰᠠ ᠥᠮᠡᠨ ᠳᠤ ᠨᠡᠷᠪᠡᠭᠳᠡᠬᠦ  ᠲᠦᠭᠰᠢᠭᠦᠷᠢ ᠶᠢ  ᠨᠡᠮᠡᠭᠳᠡᠭᠦᠯᠦᠨ᠎ᠡ

ᠤᠯᠤᠰ ‍ᠤᠨ‌ᠥᠮᠡᠨ  ᠡᠪᠡᠳᠴᠢᠨ ᠤ ᠲᠥᠪ ᠤᠨ  ᠨᠡᠶᠢᠲᠡᠯᠡᠭᠰᠡᠨ《2019  ᠣᠨ ᠤ  ᠪᠥᠬᠦ  ᠤᠯᠤᠰ ᠤᠨ  ᠥᠮᠡᠨ  ᠡᠪᠡᠳᠴᠢᠨ ‍ᠤ‌ ᠮᠡᠳᠡᠭᠦᠯᠦᠯᠲᠡ》 ᠶᠢᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠮᠠᠨ ᠤ ᠣᠯᠣᠰ ᠤᠨ ᠰᠢᠨ᠎ᠡ ᠪᠠᠷ ᠡᠭᠦᠰᠦᠭᠰᠡᠨ ᠠᠭᠤᠰᠬᠢᠨ‌ ᠥᠮᠡᠨ ᠡᠪᠡᠳᠴᠢᠲᠡᠨ ᠨᠢ ᠬᠤᠤᠷᠲᠤ ᠬᠠᠪᠤᠳᠠᠷ ᠲᠤ  ᠨᠡᠷᠪᠡᠭᠳᠡᠭᠰᠡᠨ ᠬᠥᠮᠦᠨ ᠤ ᠲᠤᠭ᠎ᠠ ᠶᠢᠨ 20.03% ᠶᠢ ᠡᠵᠡᠯᠡᠵᠦ᠂ᠠᠭᠤᠰᠬᠢᠨ ᠥᠮᠡᠨ ᠠᠴᠠ ᠪᠣᠯᠵᠤ ᠦᠬᠦᠭᠰᠡᠨ ᠬᠥᠮᠦᠨ ᠤ ᠲᠤᠭ᠎ᠠ ᠨᠢ ᠬᠤᠣᠷᠲᠤ  ᠬᠠᠪᠤᠳᠠᠷ ᠠᠴᠠ ᠪᠣᠯᠵᠤ  ᠦᠬᠦᠭᠰᠡᠨ ᠪᠦᠬᠦ ᠲ᠋ᠣᠭᠠᠨ ᠤ 26.99% ᠶᠢ ᠡᠵᠡᠯᠡᠵᠦ᠂ ᠬᠤᠤᠷᠲᠤ ᠬᠠᠪᠤᠳᠠᠷ ᠤᠨ ᠲᠡᠷᠢᠭᠦᠨ ᠳᠤ ᠣᠷᠣᠵᠤ᠂ ᠠᠭᠤᠰᠬᠢᠨ ᠥᠮᠡᠨ ᠢ ᠰᠡᠷᠭᠡᠶᠢᠯᠡᠨ‌ ᠵᠠᠰᠠᠬᠤ ᠶᠢ ᠴᠢᠩᠭᠠᠳᠬᠠᠬᠤ ᠨᠢ ᠨᠢᠳᠦᠨ ᠡᠮᠦᠨ᠎ᠡ ᠲᠤᠯᠭᠠᠷᠠᠵᠤ ᠪᠠᠶᠢᠭ᠎ᠠ ᠠᠰᠠᠭᠤᠳᠠᠯ ᠪᠤᠯᠪᠠ᠃

ᠳᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠲᠥᠪ ᠤᠨ ᠤᠳᠠᠭᠠᠨ ᠴᠢᠨᠠᠷᠲᠠᠶ ᠡᠪᠡᠳᠴᠢᠨ ‍ᠤ‌‍ ᠲ᠋ᠥ᠋ᠪ ᠤᠨ ᠡᠷᠬᠢᠯᠡᠭᠴᠢ ᠡᠤ ᠵᠢᠩ ᠣᠶᠢᠷ᠎ᠠ ᠳᠤ  ᠶᠠᠪᠤᠭᠳᠠᠭᠰᠠᠨ  2020  ᠣᠨ ᠤ  ᠳᠤᠮᠳᠠᠳᠤ  ᠤᠯᠤᠰ ᠤᠨ  ᠠᠭᠤᠰᠬᠢᠨ ‍ᠤ‌ ᠥᠮᠡᠨ ᠢ ᠰᠡᠷᠭᠡᠶᠢᠯᠡᠨ ᠵᠠᠰᠠᠬᠤ ᠲᠦᠷᠦᠭᠦᠴᠦᠳ ᠤᠨ ᠶᠠᠷᠢᠯᠴᠠᠭᠠᠨ ᠤ ᠲᠠᠪᠴᠠᠩ ᠳᠡᠭᠡᠷ᠎ᠡ ᠬᠡᠯᠡᠭᠰᠡᠨ ᠨᠢ᠂ ᠲᠠᠮᠠᠬᠢ ᠲᠠᠲᠠᠬᠤ  ᠪᠣᠯ‌ ᠠᠭᠤᠰᠬᠢᠨ ᠥᠮᠡᠨ ᠳᠤ ᠨᠡᠷᠪᠡᠭᠳᠡᠬᠦ ᠬᠠᠮᠤᠭ ᠤᠨ ᠲᠣᠳᠣᠷᠬᠠᠶ᠂ ᠬᠠᠮᠤᠭ ᠤᠨ ᠠᠶᠣᠯ  ᠲᠠᠢ  ᠡᠯᠧᠮᠧᠨ᠋ᠲ  ᠪᠣᠯᠤᠨ᠎ᠠ᠃ ᠡᠭᠦᠨ ᠳ᠋ᠤ᠋‌‍ ᠰᠠᠨᠠᠭᠠᠴᠢᠯᠠᠭ᠎ᠠ ᠲᠠᠢ ᠪᠠᠷ ᠲᠠᠮᠠᠬᠢ ᠲᠠᠲᠠᠬᠤ ᠪᠠ ᠳᠠᠮ ᠢᠶᠠᠷ ᠲᠠᠮᠠᠬᠢ ᠲᠠᠲᠠᠬᠤ ᠪᠠᠭᠲᠠᠨ᠎ᠠ᠃  ᠬᠤᠯᠪᠣᠭᠳᠠᠯ ᠪᠥᠬᠦᠶ ᠲᠤᠭ᠎ᠠ‌‍ ᠪᠠᠷᠢᠮᠲᠠ ᠳᠤ ᠢᠯᠡᠷᠡᠭᠦᠯᠦᠭᠰᠡᠨ ᠢᠶᠠᠷ᠂ ᠲᠠᠮᠠᠬᠢ ᠲᠠᠲᠠᠭᠰᠠᠨ ᠠᠴᠠ ᠪᠣᠯᠵᠣ ᠠᠭᠤᠰᠬᠢᠨ ᠤ ᠥᠮᠡᠨ ᠳᠤ ᠨᠡᠷᠪᠡᠭᠰᠡᠳ ᠨᠢ ᠪᠥᠬᠦ ᠪᠥ᠋ᠮᠪᠥᠷᠴᠡᠭ ᠤᠨ ᠠᠭᠤᠰᠬᠢᠨ ᠥᠮᠡᠨ ᠡᠪᠡᠳᠴᠢᠲᠡᠨ ᠤ 80%—85% ᠶᠢ ᠡᠵᠡᠯᠡᠵᠦ ᠪᠠᠶᠢᠨ᠎ᠠ᠃ ᠲᠡᠷᠡ ᠬᠡᠯᠡᠬᠦ ᠳᠡᠭᠡᠨ᠄ᠲᠠᠮᠠᠬᠢ ᠲᠠᠲᠠᠬᠤ  ᠠᠴᠠ ᠠᠭᠤᠰᠬᠢᠨ ᠥᠮᠡᠨ ᠳᠤ ᠦᠵᠡᠭᠦᠯᠬᠦ ᠨᠥᠯᠥᠭᠡ ᠨᠢ ᠴᠠᠭ ᠬᠤᠭᠤᠴᠠᠭ᠎ᠠ ᠶᠢᠨ ᠨᠡᠮᠡᠭᠳᠡᠯ  ᠢ ᠲᠠᠭᠠᠯᠳᠣᠨ‌ ᠨᠡᠮᠡᠭᠳᠡᠨ᠎ᠡ᠂ ᠬᠡᠷᠪᠡ ᠴᠠᠭ ᠲᠤᠬᠠᠢ ᠳᠤᠨᠢ ᠲᠠᠮᠠᠬᠢ ᠪᠠᠨ ᠵᠣᠭᠰᠣᠪᠠᠯ ᠨᠥᠯᠥᠭᠡ ᠨᠢ ᠵᠣᠬᠢᠴᠠᠩᠭᠤᠶ ᠪᠠᠷ ᠪᠠᠭᠠᠰᠬᠤ ᠪᠣᠯᠤᠨ᠎ᠠ᠃

ᠡᠭᠦᠨ ᠠᠴᠠ ᠭᠠᠳᠠᠨ᠎ᠠ᠂ ᠠᠭᠠᠷ ᠤᠨ ᠪᠣᠬᠢᠷᠲᠤᠯ ᠨᠢ  ᠮᠥᠨ  ᠴᠦ  ᠠᠭᠤᠰᠬᠢᠨ  ᠥᠮᠡᠨ ᠤ  ᠨᠢᠭᠡ  ᠶᠡᠭᠡ  ᠠᠶᠤᠯᠲᠤ‌‍ ᠰᠢᠯᠲᠠᠭᠠᠨ ᠪᠣᠯᠤᠨ᠎ᠠ᠂ ᠡᠭᠦᠨ ᠳᠤ ᠭᠡᠷ ᠤᠨ ᠭᠠᠳᠠᠨᠠᠬᠢ ᠪᠣᠬᠢᠷᠲᠤᠯ ᠨᠢ ᠭᠤᠤᠯᠳᠠᠭᠤ  PM2.5 ᠶᠢᠨ ᠪᠣᠬᠢᠷᠲᠤᠯ  ᠪᠣᠯᠤᠨ᠎ᠠ᠃ᠭᠡᠷ ᠳᠣᠲᠣᠷᠠᠬᠢ ᠪᠣᠬᠢᠷᠲᠤᠯ ᠨᠢ ᠭᠤᠣᠯᠳᠠᠭᠤ ᠭᠡᠷ ᠪᠦᠯᠢ ᠶᠢᠨ ᠰᠠᠯᠬᠢ ᠨᠡᠪᠲᠡᠷᠡᠬᠦ  ᠦᠭᠡᠢ ᠠᠴᠠ ᠪᠣᠯᠵᠠᠢ᠃ ᠢᠯᠠᠩᠭᠤᠶ᠎ᠠ ᠭᠡᠷ‌‍ ᠪᠦ᠋ᠯᠢ ᠶᠢᠨ ᠬᠠᠲᠠᠭᠤ ᠪᠡᠶᠡᠲᠦ ᠲᠦᠯᠡᠰᠢ ᠰᠢᠲᠠᠭᠠᠬᠤ ᠪᠠ ᠭᠠᠯ ᠲᠣᠭᠤᠭᠠᠨ ᠤ  ᠤᠲᠤᠭ᠎ᠠ ᠠᠴᠠ  ᠪᠣᠯᠣᠭᠰᠠᠨ  ᠭᠡᠷ  ᠳᠣᠲᠣᠷᠠᠬᠢ‌‍ ᠪᠤᠵᠠᠷᠲᠤᠯ ᠢ ᠠᠭᠤᠰᠬᠢᠨ ᠤ ᠥᠮᠡᠨ ᠡᠭᠦᠰᠭᠡᠬᠦ ᠠᠶᠤᠯᠲᠤ ᠡᠯᠧᠮᠧᠨ᠋ᠲ ᠤᠨ ᠨᠢᠭᠡ ᠭᠡᠵᠦ ᠦᠵᠡᠳᠡᠭ᠃

ᠦ᠋ ᠵᠢᠩ ᠬᠡᠯᠡᠬᠦ ᠳᠡᠭᠡᠨ᠂ ᠠᠷᠰᠧᠨ ᠠᠭᠤᠯᠤᠭᠰᠠᠨ ᠤᠤᠭᠤᠬᠤ  ᠤᠰᠤ᠂ β —  ᠬᠤᠯᠤᠤᠪᠠᠩ ᠤᠨ  ᠡᠳ᠋  ‍ᠤᠨ‌ ᠨᠥ᠋ᠬᠦᠪᠥᠷᠢ ᠡᠳ᠋᠂ ᠡᠳ᠋ᠰᠢᠯᠡᠭᠦᠯᠣᠭ᠍ᠰᠡᠨ ᠮᠢᠬ᠎ᠠ ᠪᠠ ᠰᠫᠢᠷᠲ  ᠤᠮᠳᠠᠭᠠᠨ ᠢ ᠣᠷᠳᠣ ᠬᠤᠭᠤᠴᠠᠭ᠎ᠠ ᠪᠠᠷ ᠢᠳᠡᠵᠦ  ᠤᠤᠭᠤᠪᠠᠯ‌ ᠠᠭᠤᠰᠬᠢᠨ ᠥᠮᠡᠨ ᠳᠤ ᠨᠡᠷᠪᠡᠭᠳᠡᠬᠦ ᠲᠦᠭᠰᠢᠭᠦᠷᠢ ᠶᠢ ᠨᠡᠮᠡᠭᠳᠡᠭᠦᠯᠦᠨ᠎ᠡ᠃ ᠵᠣᠬᠢᠰᠲᠠᠶ ᠪᠡᠶ᠎ᠡ ᠶᠢᠨ ᠲᠠᠮᠢᠷ ᠤᠨ ᠪᠣᠯᠪᠠᠰᠤᠷᠠᠯ ᠨᠢ ᠡᠨᠡ‌‍ᠬᠦ ᠠᠶᠤᠯ ᠲᠦᠭᠰᠢᠭᠦᠷᠢ ᠶᠢ ᠪᠠᠭᠠᠰᠬᠠᠵᠤ ᠪᠣᠯᠤᠨ᠎ᠠ᠃ ᠲᠡᠷᠡ ᠵᠢᠭᠠᠵᠤ ᠭᠠᠷᠭᠠᠭᠰᠠᠨ ᠨᠢ᠂  ᠠᠭᠤᠰᠬᠢᠨ ᠥᠮᠡᠨ ᠭᠡᠬᠦ  ᠡᠨᠡ  ᠬᠦ᠋‍‌ ᠡᠪᠡᠳᠴᠢᠨ ᠨᠢ ᠪᠤᠰᠤᠳ ᠬᠠᠪᠤᠳᠠᠷ ᠲᠠᠢ ᠠᠳᠠᠯᠢ ᠪᠠᠷ ᠪᠠᠰᠠ ᠨᠢᠭᠡ  ᠵᠦᠢᠯ ᠤᠨ  ᠰᠡᠷᠭᠡᠶᠢᠯᠡᠵᠦ  ᠳᠡᠶᠢᠯᠬᠦ  ᠡᠪᠡᠳᠴᠢᠨ  ᠪᠣᠯᠤᠨ᠎ᠠ‌ ᠭᠡᠵᠡᠢ᠃


ᠢᠷᠡᠯᠳᠡ : 

 ᠠᠷᠠᠳ ᠤᠨ ᠰᠦᠯᠵᠢᠶ᠎ᠡ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ