ᠵᠠᠭᠤᠴᠢᠯᠠᠭᠤᠷ ᠲᠤ ᠮᠡᠳᠡᠭᠡᠯᠡᠭᠰᠡᠨ ᠢᠶᠠᠷ᠂ ᠵᠠᠷᠢᠮ ᠬᠥᠮᠥᠨ ᠡᠳᠦᠷ ᠪᠥᠷᠢ ᠨᠠᠭᠠᠳᠤ ᠵᠠᠭ᠎ᠠ ᠳᠠᠭᠠᠨ ᠲᠦᠮᠡᠨ ᠠᠯᠬᠤᠮ ᠠᠯᠬᠤᠬᠤ ᠭᠡᠳᠡᠭ ᠢ ᠦᠷᠦᠭᠡᠰᠦᠯ ᠢᠶᠠᠷ ᠬᠦᠭᠡᠭᠡᠴᠡᠯᠳᠦᠵᠦ᠂ ᠡᠷᠡᠭᠦᠯ ᠴᠢᠭᠢᠷᠠᠭ ᠪᠡᠶ᠎ᠡ ᠮᠠᠬᠠᠪᠣᠳ ᠲᠠᠢ ᠪᠤᠯᠬᠤ ᠪᠠᠷ ᠴᠢᠷᠮᠠᠶᠢᠬᠰᠠᠨ ᠪᠤᠯᠪᠠᠴᠤ ᠬᠤᠪᠢ ᠪᠡᠶ᠎ᠡ ᠳᠤᠨᠢ ᠳᠤᠬᠢᠷᠠᠬᠤ ᠡᠰᠡᠬᠦ ᠶᠢ ᠪᠤᠳᠤᠯᠬᠢᠯᠠᠯ ᠦᠭᠡᠢ ᠰᠢᠨᠵᠢᠯᠡᠬᠦ ᠤᠬᠠᠭᠠᠨᠴᠢ ᠪᠤᠰᠤ ᠪᠡᠶ᠎ᠡ ᠴᠢᠬᠢᠷᠠᠭᠵᠢᠭᠤᠯᠬᠤ ᠠᠷᠭ᠎ᠠ ᠠᠪᠤᠭᠰᠠᠨ ᠠᠴᠠ ᠡᠴᠤᠰ ᠲᠡᠭᠡᠨ ᠡᠮᠨᠡᠯᠭᠡ ᠳᠤ ᠰᠠᠭᠤᠪᠠ︔ ᠮᠠᠷᠢᠶ᠎ᠠ ᠪᠠᠨ ᠰᠢᠭᠤᠷᠠᠭᠤᠯᠬᠤ ᠬᠡᠮᠡᠨ ᠰᠥᠯᠵᠢᠶᠠᠨ ᠳᠤ ᠲᠠᠮᠵᠢᠬᠳᠠᠬᠤ ᠡᠯ᠎ᠡ ᠵᠦᠢᠯ ᠤᠨ ᠪᠡᠶ᠎ᠠ ᠴᠢᠬᠢᠷᠠᠬᠵᠢᠭᠤᠯᠬᠤ ᠰᠢᠨᠵᠢᠯᠡᠬᠦ ᠤᠬᠠᠭᠠᠨᠴᠢ ᠪᠤᠰᠤ ᠠᠵᠢᠯᠯᠠᠭ᠎ᠠ ᠳᠤ ᠤᠷᠤᠯᠴᠠᠨ᠂ ᠪᠡᠶ᠎ᠠ ᠶᠢᠨ ᠬᠥᠨᠳᠤ ᠨᠢ ᠬᠡᠳᠦ᠋ᠢᠪᠡᠷ ᠬᠡᠳᠦᠨ ᠺᠢᠯᠣᠭ᠍ᠷᠠᠮ ᠬᠠᠰᠤᠭᠳᠠᠭᠰᠠᠨ ᠪᠣᠯᠪᠠᠴᠤ ᠬᠥᠳᠡᠯᠭᠡᠭᠡᠨ ᠬᠡᠲᠦᠷᠡᠭᠰᠡᠨ ᠠᠴᠠ ᠪᠣᠯᠵᠤ ᠬᠥᠳᠡᠯᠭᠡᠭᠡᠨ ᠤ ᠭᠡᠮᠲᠦᠯ ᠳᠤ ᠤᠴᠠᠷᠠᠪᠠ ᠁

ᠤᠳᠤᠬᠠᠨ ᠳᠤ ᠬᠥᠮᠦᠰ ᠤᠨ ᠡᠷᠡᠭᠦᠯ ᠴᠢᠭᠢᠷᠠᠭ ᠢ ᠴᠢᠬᠤᠯᠠᠴᠢᠯᠠᠬᠤ ᠶᠢ ᠳᠠᠭᠠᠯᠳᠤᠨ᠂ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠣᠷᠣᠯᠴᠠᠬᠤ ᠬᠠᠯᠠᠭᠤᠨ ᠰᠡᠳᠬᠢᠯᠭᠡ ᠴᠦ ᠤᠯᠠᠮ ᠨᠡᠮᠡᠭᠳᠡᠵᠥ ᠪᠠᠶᠢᠨ᠎ᠠ᠃ ᠭᠡᠪᠡᠴᠦ ᠰᠢᠨᠵᠢᠯᠡᠬᠦ ᠤᠬᠠᠭᠠᠨᠴᠢ ᠪᠤᠰᠤ᠂ ᠵᠥᠪ ᠪᠤᠰᠤ ᠪᠡᠶ᠎ᠡ ᠴᠢᠭᠢᠷᠠᠭᠵᠢᠭᠤᠯᠬᠤ ᠠᠷᠭ᠎ᠠ ᠮᠠᠶ᠋ᠢᠭ ᠨᠢ ᠡᠷᠡᠭᠦᠯ ᠮᠡᠨᠳᠦ ᠶᠢ ᠠᠪᠴᠢᠷᠠᠵᠤ ᠴᠢᠳᠠᠬᠤ ᠦᠭᠡᠢ ᠮᠥᠷᠲᠡᠭᠡᠨ ᠭᠡᠳᠡᠷᠭᠦ ᠪᠠᠨ ᠪᠡᠶ᠎ᠡ ᠮᠠᠬᠠᠪᠣᠳ ᠢ ᠭᠡᠮᠲᠦᠭᠡᠳᠡᠭ᠃ ᠪᠡᠶ᠎ᠡ ᠴᠢᠭᠢᠷᠠᠭᠵᠢᠭᠤᠯᠬᠤ ᠪᠠᠷ ᠳᠠᠮᠵᠢᠨ ᠡᠷᠡᠭᠦᠯ ᠴᠢᠭᠢᠷᠠᠭ ᠪᠡᠶ᠎ᠡ ᠮᠠᠬᠠᠪᠣᠳ ᠢ ᠣᠯᠬᠤ ᠳᠤ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠪᠣᠯ ᠲᠡᠷᠢᠭᠦᠨ ᠴᠢᠬᠤᠯᠠ ᠶᠠᠪᠤᠳᠠᠯ ᠪᠣᠯᠤᠨ᠎ᠠ᠃ ᠰᠢᠨᠵᠢᠯᠡᠬᠦ ᠤᠬᠠᠭᠠᠨ ᠢ ᠬᠦᠨᠳᠦᠳᠬᠡᠵᠦ᠂ ᠦᠪᠡᠷ ᠤᠨ ᠪᠠᠶ᠎ᠠ ᠶᠢᠨ ᠪᠤᠳᠠᠳᠠᠢ ᠪᠠᠶᠢᠳᠠᠯ ᠢᠶᠠᠨ ᠦᠨᠳᠦᠰᠦᠯᠡᠵᠦ᠂ ᠴᠢᠳᠠᠯ ᠤᠨ ᠬᠢᠷᠢ ᠪᠠᠷ ᠢᠶᠠᠨ ᠬᠡᠷᠡᠭᠵᠢᠭᠦᠯᠬᠦ ᠨᠢ ᠰᠠᠶ᠋ᠢ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠶᠢᠨ ᠦᠨᠳᠦᠰᠦᠨ ᠵᠠᠷᠴᠢᠮ ᠪᠤᠯᠬᠤ ᠶᠤᠮ᠃

ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠪᠣᠯ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠡᠷᠡᠭᠦᠯ ᠮᠡᠨᠳᠦ ᠶᠢ ᠪᠡᠶᠡᠯᠡᠭᠦᠯᠬᠦ ᠴᠢᠬᠤᠯᠠ ᠠᠷᠭ᠎ᠠ ᠵᠠᠮ ᠮᠥᠨ᠂ ᠡᠭᠦᠨ ᠳᠤ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠬᠤ ᠠᠴᠠ ᠭᠠᠳᠠᠨ᠎ᠠ ᠪᠠᠰᠠ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠵᠢᠯᠣᠭᠤᠳᠣᠯᠭ᠎ᠠ ᠶᠢ ᠰᠠᠶᠢᠲᠤᠷ ᠬᠢᠬᠦ ᠬᠡᠷᠡᠭᠲᠡᠶ᠃ ᠨᠠᠩ ᠴᠢᠬᠤᠯᠠ ᠨᠢ ᠡᠷᠬᠡᠪᠰᠢ ᠬᠠᠭᠤᠷᠮᠠᠭ ᠢ ᠨᠢ ᠠᠷᠢᠯᠭᠠᠨ ᠦᠨᠡᠨ ᠢ ᠨᠢ ᠦᠯᠡᠳᠡᠭᠡᠵᠦ᠂ ᠲᠡᠳᠡᠭᠡᠷ ᠵᠥᠪ ᠪᠤᠰᠤ᠂ ᠰᠢᠨᠵᠢᠯᠡᠬᠦ ᠤᠬᠠᠭᠠᠨᠴᠢ ᠪᠤᠰᠤ ᠪᠡᠶ᠎ᠡ ᠴᠢᠭᠢᠷᠠᠭᠵᠢᠭᠤᠯᠬᠤ ᠠᠷᠭ᠎ᠠ ᠮᠠᠶ᠋ᠢᠭ ᠢ ᠣᠯᠠᠨ ᠲᠦᠮᠡᠨ ᠠᠴᠠ ᠬᠤᠯᠠ ᠪᠠᠶᠢᠯᠭᠠᠪᠠᠯ ᠵᠤᠬᠢᠨ᠎ᠠ᠃ ᠮᠡᠳᠡᠭᠡ ᠵᠠᠩᠭᠢ ᠬᠥᠭᠵᠢᠭᠰᠡᠨ ᠥᠨᠥᠳᠥᠷ ᠬᠥᠮᠦᠰ ᠨᠢᠭᠡᠨᠲᠡ ᠵᠥᠪᠬᠡᠨ ᠨᠣᠮ ᠪᠢᠴᠢᠭ ᠳᠡᠭᠡᠷ᠎ᠡ ᠠᠴᠠ ᠪᠡᠶ᠎ᠡ ᠴᠢᠭᠢᠷᠠᠭᠵᠢᠭᠤᠯᠬᠤ ᠮᠡᠳᠡᠯᠭᠡ ᠬᠠᠶᠢᠬᠤ ᠪᠢᠰᠢ᠂ ᠬᠠᠷᠢᠨ ᠢᠨᠲ᠋ᠧᠷ ᠰᠦᠯᠵᠢᠶ᠎ᠡ ᠪᠠᠷ ᠭᠠᠷ ᠤᠲᠠᠰᠤᠨ ᠤ APP᠂ ᠲᠧᠯᠸᠢᠰ ᠵᠡᠷᠭᠡ ᠵᠠᠭᠤᠴᠢᠯᠠᠭᠤᠷ ᠨᠢ ᠴᠤ ᠣᠯᠠᠨ ᠲᠦᠮᠡᠨ ᠤ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠶᠢ ᠵᠢᠯᠣᠭᠤᠳᠬᠤ ᠲᠠᠪᠴᠠᠩ ᠪᠣᠯᠤᠭᠰᠠᠨ ᠪᠠᠶᠢᠨ᠎ᠠ᠃ ᠡᠭᠦᠨ ᠠᠴᠠ ᠭᠠᠳᠠᠨ᠎ᠠ᠂ ᠣᠯᠠᠨ ᠲᠦᠮᠡᠨ ᠤ ᠳᠡᠷᠭᠡᠳᠡᠬᠢ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠵᠢᠯᠣᠭᠤᠳᠣᠭᠴᠢ — ᠨᠡᠶᠢᠭᠡᠮ ᠤᠨ ᠪᠡᠶ᠎ᠡ ᠶᠢᠨ ᠲᠠᠮᠢᠷ ᠤᠨ ᠵᠢᠯᠣᠭᠤᠳᠣᠭᠴᠢ ᠴᠤ ᠴᠢᠬᠤᠯᠠᠦᠢᠯᠡᠳᠣᠯ ᠦᠵᠡᠭᠦᠯᠵᠦ ᠪᠠᠶᠢᠨ᠎ᠠ᠃ ᠣᠯᠠᠨ ᠲᠦᠮᠡᠨ ᠪᠡᠶ᠎ᠡ ᠴᠢᠭᠢᠷᠠᠭᠵᠢᠭᠤᠯᠬᠤ ᠳᠤ ᠣᠷᠣᠯᠴᠠᠬᠤ ᠳᠠᠭᠠᠨ ᠵᠠᠪᠠᠯ ᠲᠤᠰᠬᠠᠶ ᠮᠡᠷᠭᠡᠵᠢᠯ ᠤᠨ ᠬᠥᠮᠦᠰ ᠪᠤᠶᠤ ᠲᠠᠪᠴᠠᠩ ᠠᠴᠠ ᠢᠯᠡᠭᠦᠬᠡᠨ ᠰᠤᠷᠤᠯᠴᠠᠵᠤ᠂ ᠲᠡᠳᠡᠭᠡᠷ ᠬᠠᠭᠤᠷᠮᠠᠭ ᠰᠢᠨᠵᠢᠯᠡᠬᠦ ᠤᠬᠠᠭᠠᠨ ᠤ ᠪᠡᠶ᠎ᠡ ᠴᠢᠭᠢᠷᠠᠭᠵᠢᠭᠤᠯᠬᠤ ᠠᠷᠭ᠎ᠠ ᠮᠠᠶ᠋ᠢᠭ ᠲᠤ ᠮᠡᠬᠡᠯᠡᠭᠳᠡᠬᠦ ᠠᠴᠠ ᠵᠠᠶᠢᠯᠠᠰᠬᠢᠬᠦ ᠴᠢᠬᠤᠯᠠᠳᠠᠢ ᠪᠠᠶᠢᠨ᠎ᠠ᠃

ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠪᠣᠯ ᠢᠳᠡᠭ ᠢᠳᠡᠭ ᠢᠶᠠᠷ ᠪᠦᠷᠢᠯᠳᠦᠬᠦ ᠮᠡᠳᠡᠯᠭᠡ ᠶᠢᠨ ᠬᠤᠷᠠᠮᠳᠤᠯ ᠮᠥᠨ᠂ ᠨᠢᠭᠡ ᠯᠡ ᠳᠡᠭᠡᠷ᠎ᠡ ᠡᠵᠡᠮᠰᠢᠬᠦ ᠪᠤᠶᠤ ᠦᠷ᠎ᠡ ᠪᠦᠲᠦᠮᠵᠢ ᠭᠠᠷᠭᠠᠬᠤ ᠭᠡᠵᠦ ᠶᠠᠭᠠᠷᠠᠵᠤ ᠪᠤᠯᠬᠤ ᠦᠭᠡᠢ᠃ ᠥᠷᠭᠡᠨ ᠣᠯᠠᠨ ᠪᠡᠶ᠎ᠡ ᠶᠢᠨ ᠲᠠᠮᠢᠷ ᠤᠨ ᠠᠵᠢᠯᠲᠠᠨ ᠳᠤ ᠠᠪᠴᠤ ᠬᠡᠯᠡᠪᠡᠯ᠂ ᠨᠡᠩ ᠴᠤ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠳᠡᠪᠬᠢᠲᠡᠢ ᠦᠢᠯᠡᠳᠦᠯᠭᠡᠵᠢᠭᠦᠯᠵᠦ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠰᠢᠨ᠎ᠡ ᠬᠦᠰᠡᠯ ᠡᠷᠡᠮᠡᠯᠵᠡᠯ ᠳᠤ ᠬᠠᠷᠢᠭᠤᠯᠲᠠ ᠥᠭᠬᠦ ᠬᠡᠷᠡᠭᠲᠡᠢ᠃ ( ᠪᠤᠤ ᠦᠷᠭᠡᠨ)


ᠢᠷᠡᠯᠳᠡ : 

 ᠦᠪᠦᠷ ᠮᠤᠩᠭᠤᠯ ᠤᠨ ᠡᠳᠦᠷ ᠦᠨ ᠰᠤᠨᠢᠨ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ