ᠲᠤᠩ ᠬᠢᠰᠤᠭ᠎ᠠ ᠶᠢᠨ ᠲᠦᠷᠦᠯ+ ᠮᠦᠬᠦ ᠶᠢᠨ ᠲᠦᠷᠦᠯ᠃ ᠴᠠᠶᠢᠷ ᠨᠢ ᠦᠯᠦ ᠬᠠᠯᠳᠠᠭᠠᠬᠤ ᠴᠢᠳᠠᠪᠤᠷᠢ ᠳᠤ ᠵᠤᠬᠢᠬᠤᠲ᠋ᠤᠬᠢᠷᠠᠭᠤᠯᠤᠯᠲᠠ ᠪᠤᠯᠳᠠᠭ᠃ ᠲᠤᠩ ᠬᠢᠰᠤᠭ᠎ᠠ ᠶᠢᠨ ᠲᠦᠷᠦᠯ ᠤᠨ ᠢᠳᠡᠭᠡᠨ ᠳᠤ ᠴᠠᠶᠢᠷ ᠡᠯᠪᠡᠭ ᠠᠭᠤᠯᠤᠭᠳᠠᠳᠠᠭ᠃ ᠬᠡᠷᠪᠡ ᠲ᠋ᠤᠩ ᠬᠢᠰᠤᠭ᠎ᠠ ᠶᠢᠨ ᠲᠦᠷᠦᠯ ᠢ ᠦᠷᠭᠦᠯᠵᠢ ᠢᠳᠡᠬᠦ ᠦᠭᠡᠢ ᠳᠤ ᠬᠦᠷᠪᠡᠯ ᠮᠦᠬᠦ ᠶᠢᠨ ᠲᠦᠷᠦᠯ ᠢ ᠢᠳᠡᠭᠰᠡᠨ ᠴᠦ ᠪᠤᠯᠤᠨ᠎ᠠ᠃ᠮᠦᠭᠦ ᠶᠢᠨ ᠲᠦᠷᠦᠯ ᠤᠨ ᠢᠳᠡᠭᠡᠨ ᠳᠤ ᠴᠠᠶᠢᠷ ᠡᠯᠪᠡᠭ ᠪᠠᠶᠢᠬᠤ ᠠᠴᠠ ᠭᠠᠳᠠᠨ᠎ᠠ᠂ ᠰᠢᠬᠢᠷ ᠡᠯᠪᠡᠭ ᠪᠠᠶᠢᠵᠦ᠂ ᠦᠯᠤ ᠬᠠᠯᠳᠠᠭᠠᠬᠤᠴᠢᠳᠠᠪᠤᠷᠢ ᠶᠢ ᠳᠡᠭᠡᠭᠰᠢᠯᠡᠭᠦᠯᠬᠦ ᠳᠤ ᠠᠰᠢᠭᠲᠠᠢ᠃ ᠡᠭᠦᠨ ᠠᠴᠠ ᠭᠠᠳᠠᠨ᠎ᠠ᠂ ᠠᠮᠢᠲᠠᠨ ᠤ ᠡᠯᠢᠭᠡ᠂ ᠪᠤᠭᠤᠳᠠᠢ ᠶᠢᠨ ᠬᠦᠪᠤᠷᠡᠯ ᠤᠨᠨᠤᠨᠳᠠᠭ᠂ ᠬᠠᠷ᠎ᠠ ᠮᠢᠬ᠎ᠠ᠂ ᠬᠡᠭᠡᠷ᠎ᠡ ᠶᠢᠨ ᠬᠤᠰᠢᠭ᠎ᠠ ᠳᠤ ᠴᠦ ᠴᠠᠶᠢᠷ ᠨᠡᠯᠢᠶᠡᠳ ᠡᠯᠪᠡᠭ ᠪᠠᠶᠢᠳᠠᠭ᠃
ᠡᠯᠢᠭᠡ+ ᠤᠯᠠᠪᠤᠷ ᠰᠢᠷ᠎ᠠ ᠦᠩᠭᠡᠲᠡᠢ ᠨᠤᠭᠤᠭ᠎ᠠ᠃ ᠠᠮᠢᠲᠠᠨ ᠤ ᠴᠢᠨᠠᠷᠲᠠᠢ ᠢᠳᠡᠭᠡᠨ ᠵᠢᠱᠢᠶᠡᠯᠡᠪᠡᠯ ᠡᠯᠢᠭᠡ᠂ᠭᠠᠯᠠᠭᠤᠨ ᠦᠨᠳᠡᠭᠡᠨ ᠰᠢᠷ᠎ᠠ᠂ ᠵᠢᠭᠠᠰᠤᠨ ᠲᠤᠰᠤᠨ ᠳᠤ ᠸᠢᠲ᠋ᠠᠮᠢᠨA ᠮᠠᠰᠢ ᠡᠯᠪᠡᠭ ᠪᠠᠶᠢᠳᠠᠭ᠃ ᠸᠢᠲ᠋ᠠᠮᠢᠨA ᠨᠢᠳᠤᠨ ᠣ ᠬᠠᠷᠠᠭ᠎ᠠ ᠬᠠᠮᠠᠭᠠᠯᠠᠳᠠᠭ ᠢ ᠤᠯᠠᠨ ᠢᠶᠠᠷ ᠢᠶᠠᠨ ᠪᠦᠷ ᠮᠡᠳᠡᠨ᠎ᠡ᠃ ᠦᠨᠡᠨ ᠳᠡᠭᠡᠨ ᠲᠡᠷᠡ ᠪᠤᠯ ᠦᠯᠤ ᠬᠠᠯᠳᠠᠭᠠᠬᠤ ᠴᠢᠳᠠᠪᠤᠷᠢ ᠲᠠᠢ ᠨᠢᠭᠲᠠ ᠬᠠᠷᠢᠴᠠᠭ᠎ᠠ ᠲᠠᠢ ᠶᠤᠮ᠃ ᠰᠢᠷ᠎ᠠ ᠯᠤᠤᠪᠠᠩ᠂ ᠨᠠᠩᠭᠤᠸᠠ᠂ ᠵᠦᠷᠵᠢ ᠵᠡᠷᠭᠡ ᠤᠯᠠᠪᠤᠷ ᠰᠢᠷ᠎ᠠ ᠦᠩᠭᠡᠲᠡᠢ ᠨᠤᠭᠤᠭ᠎ᠠ ᠵᠢᠮᠢᠰ ᠤᠨ ᠬᠠᠩᠭᠠᠬᠤ B᠂ ᠰᠢᠷ᠎ᠠ ᠯᠤᠤᠪᠠᠩ ᠤᠨ ᠡᠳ᠋ ᠨᠢ ᠪᠡᠶ᠎ᠡ ᠶᠢᠨ ᠲᠤᠲᠤᠷ᠎ᠠ ᠸᠢᠲ᠋ᠠᠮᠢᠨA ᠪᠤᠯᠵᠦ ᠬᠤᠪᠢᠷᠠᠳᠠᠭ᠃
ᠭᠦᠨ ᠨᠤᠭᠤᠭᠠᠨ ᠦᠩᠭᠡᠲᠡᠢ ᠨᠤᠭᠤᠭ᠎ᠠ+ ᠲᠤᠯᠤᠭᠤᠨ᠎ᠠ᠃ ᠨᠤᠭᠤᠭᠠᠨ ᠴᠡᠴᠡᠭᠳᠤ ᠪᠠᠶᠢᠼᠠᠢ᠂ ᠦᠷᠭᠡᠰᠤᠳᠤ ᠨᠤᠭᠤᠭ᠎ᠠ᠂ ᠠᠪᠤᠭ᠎ᠠ᠂ ᠲᠤᠮᠤ ᠴᠠᠭᠠᠨ ᠨᠤᠭᠤᠭ᠎ᠠ᠂ ᠰᠢᠯᠡᠮᠳᠡᠭ ᠵᠡᠷᠭᠡ ᠭᠦᠨ ᠨᠤᠭᠤᠭᠠᠨ ᠦᠩᠭᠡᠲᠡᠢ ᠨᠤᠭᠤᠭ᠎ᠠ︔ ᠲᠤᠯᠤᠭᠤᠨ᠎ᠠ᠂ᠴᠢᠪᠠᠭ᠎ᠠ᠂ ᠲᠤᠰᠢᠯᠤᠢ᠂ ᠭᠠᠲᠢᠷ᠎ᠠ ᠶᠢᠨ ᠵᠢᠮᠢᠰ᠂ ᠬᠦᠵᠡᠯᠵᠡᠭᠡᠨ᠎ᠡ᠂ ᠰᠢᠷᠠᠰᠤ ᠵᠡᠷᠭᠡ ᠵᠢᠮᠢᠰ ᠨᠢ ᠪᠦᠷ ᠸᠢᠲ᠋ᠠᠮᠢᠨ C ᠶᠢᠨ ᠠᠪᠤᠷᠭᠤᠤᠳ ᠶᠤᠮ᠃ ᠸᠢᠲ᠋ᠠᠮᠢᠨ C ᠨᠢ ᠡᠰᠡᠷᠭᠦᠴᠡᠯ ᠴᠤᠭᠴᠠ ᠶᠢᠨ ᠪᠦᠷᠢᠯᠳᠦᠯ ᠢ ᠠᠬᠢᠭᠤᠯᠳᠠᠭ᠃ ᠳᠠᠯᠠᠢ ᠶᠢᠨ ᠵᠢᠭᠠᠰᠤ᠃ ᠸᠢᠲ᠋ᠠᠮᠢᠨ D ᠦᠯᠤ ᠬᠠᠯᠳᠠᠭᠠᠬᠤ ᠴᠢᠳᠠᠪᠤᠷᠢ ᠶᠢ ᠴᠢᠩᠭᠠᠷᠠᠭᠤᠯᠵᠦ᠂ ᠸᠢᠲ᠋ᠠᠮᠢᠨ Dᠲᠤᠲᠠᠭᠳᠠᠪᠠᠯ ᠪᠡᠶ᠎ᠡ ᠶᠢᠨ ᠬᠡᠪ ᠤᠨ ᠴᠢᠳᠠᠪᠤᠷᠢ ᠶᠢ ᠨᠦᠯᠦᠭᠡᠯᠡᠳᠡᠭ᠃ ᠨᠠᠷᠠᠨ ᠳᠤ ᠡᠭᠡᠭᠡᠬᠦ ᠪᠤᠯ ᠸᠢᠲ᠋ᠠᠮᠢᠨ D ᠰᠢᠩᠭᠡᠭᠡᠨ ᠠᠪᠬᠤ ᠪᠦ᠋ᠳᠦᠮᠵᠢᠲᠠᠢ ᠠᠷᠭ᠎ᠠ ᠪᠤᠯᠪᠠᠴᠤ᠂ ᠡᠪᠤᠯ ᠤᠨ ᠤᠯᠠᠷᠢᠯ ᠳᠤ ᠬᠠᠮᠤᠭ ᠰᠠᠶᠢᠨ ᠨᠢ ᠸᠢᠲ᠋ᠠᠮᠢᠨ D ᠡᠯᠪᠡᠭᠲᠡᠢ ᠢᠳᠡᠭᠡᠨ ᠨᠦ᠋ᠬᠦᠪᠤᠷᠢᠯᠡᠪᠡᠯ ᠵᠤᠬᠢᠨ᠎ᠠ᠃ ᠳᠠᠯᠠᠢ ᠶᠢᠨ ᠵᠢᠭᠠᠰᠤ᠂ ᠠᠮᠢᠲᠠᠨ ᠤ ᠡᠯᠢᠭᠡ᠂ ᠵᠢᠭᠠᠰᠤᠨ ᠲᠤᠰᠤ᠂ ᠦᠨᠳᠡᠭᠡᠨ ᠳᠤ ᠸᠢᠲ᠋ᠠᠮᠢᠨ D ᠶᠢᠨ ᠠᠭᠤᠯᠤᠭᠳᠠᠴᠠ ᠬᠠᠷᠢᠴᠠᠩᠭᠤᠢ ᠡᠯᠪᠡᠭ ᠪᠠᠶᠢᠳᠠᠭ᠃ ᠠᠮᠢᠲᠠᠨ ᠤ ᠴᠢᠰᠤ+ ᠡᠯᠢᠭᠡ᠃ ᠲᠡᠮᠤᠷ ᠲᠤᠳᠠᠪᠠᠯ ᠦᠯᠤ ᠬᠠᠯᠳᠠᠭᠠᠬᠤ ᠡᠰ ᠬᠠᠰᠤᠭᠳᠠᠵᠦ᠂ ᠦᠯᠤ ᠬᠠᠯᠳᠠᠭᠠᠬᠤ ᠲ᠋ᠤᠰᠬᠠᠯ ᠲᠤᠲᠠᠭᠤᠳᠠᠳᠠᠭ᠃ ᠬᠠᠷ᠎ᠠ ᠮᠢᠬ᠎ᠠ᠂ ᠠᠮᠢᠲᠠᠨ ᠤ ᠴᠢᠰᠤ᠂ ᠡᠯᠢᠭᠡ ᠵᠡᠷᠭᠡ ᠢᠳᠡᠭᠡᠨ ᠨᠢ ᠲᠡᠮᠤᠷ ᠡᠯᠪᠡᠭᠲᠡᠢ ᠪᠦᠭᠡᠳ ᠰᠢᠩᠭᠡᠭᠡᠵᠦ ᠠᠪᠬᠤ ᠳᠤ ᠰᠠᠶᠢᠨ ᠪᠠᠶᠢᠳᠠᠭ᠃ ᠡᠳᠤᠷ ᠪᠦᠷᠢ 40 ~75 ᠭᠷᠠᠮ ᠮᠢᠬ᠎ᠠ ᠢᠳᠡᠵᠦ᠂ ᠠᠮᠢᠲᠠᠨ ᠤ ᠡᠯᠢᠭᠡ ᠶᠢ ᠰᠠᠷ᠎ᠠ ᠪᠦ᠋ᠷᠢ 2~3 ᠤᠳᠠᠭ᠎ᠠ᠂ ᠤᠳᠠᠭ᠎ᠠ ᠪᠦᠷᠢ 25 ᠭᠷᠠᠮ ᠤᠷᠴᠢᠮ ᠢᠳᠡᠪᠡᠯ ᠰᠠᠶᠢᠨ ᠭᠡᠵᠦ ᠰᠠᠨᠠᠭᠤᠯᠵᠦ ᠪᠠᠶᠢᠨ᠎ᠠ᠃
ᠦᠨᠢᠥᠶᠡᠨ ᠰᠦ+ ᠲᠠᠬᠢᠶᠠᠨ ᠦᠨᠳᠡᠭᠡ᠃ ᠢᠳᠡᠭᠡᠨ ᠤᠮᠳᠠᠭᠠᠨ ᠳᠤ ᠤᠭᠤᠷᠠᠭ ᠲᠤᠲᠠᠭᠳᠠᠪᠠᠯ ᠪᠡᠶ᠎ᠡ ᠶᠢᠨ ᠦᠯᠤ ᠬᠠᠯᠳᠠᠭᠠᠬᠤ ᠴᠢᠳᠠᠪᠤᠷᠢ ᠪᠠᠭᠤᠷᠠᠨ᠎ᠠ᠃ ᠤᠭᠤᠷᠠᠭ ᠶᠡᠬᠡᠲᠡᠢ ᠢᠳᠡᠭᠡᠨ ᠲᠤᠩ ᠠᠷᠪᠢᠨ ᠪᠤᠢ᠂ ᠦᠨᠢᠶᠡᠨ ᠰᠦ᠂ ᠴᠠᠭᠠᠨ ᠢᠳᠡᠭᠡ᠂ᠲᠠᠬᠢᠶᠠᠨᠦᠨᠳᠡᠭᠡ᠂ ᠮᠠᠯ ᠵᠢᠭᠦᠷᠲᠡᠨ ᠤ ᠮᠢᠬ᠎ᠠ᠂ ᠵᠢᠭᠠᠰᠤ᠂ ᠰᠠᠮ ᠬᠤᠷᠤᠬᠠᠢ᠂ ᠰᠢᠷ᠎ᠠ ᠪᠤᠷᠴᠠᠭ ᠨᠢ ᠴᠦᠮ ᠴᠢᠨᠠᠷᠯᠢᠭ ᠤᠭᠤᠷᠠᠭᠤᠨ ᠰᠠᠶᠢᠨ ᠢᠷᠡᠯᠲᠡ ᠮᠥᠨ᠃ ᠦᠨᠢᠶᠡᠨ ᠰᠦ ᠶᠢ ᠡᠳᠤᠷ ᠪᠦᠷᠢ 300 ᠮᠢᠯᠯᠢᠯᠢᠲᠷ ᠪᠠᠷᠤᠭ 2 ᠤᠭᠤᠲᠠ ᠤᠤᠭᠤᠵᠦ᠂ ᠲᠠᠬᠢᠶᠠᠨ ᠦᠨᠳᠡᠭᠡ 1᠂ ᠮᠠᠯ ᠵᠢᠭᠦᠷᠲᠡᠨ ᠤ ᠮᠢᠬ᠎ᠠ ᠡᠳᠤᠷ ᠪᠦᠷᠢ 40 ~75 ᠭᠷᠠᠮ᠂᠂ᠵᠢᠭᠠᠰᠤ ᠰᠠᠮ ᠬᠤᠷᠤᠬᠠᠢ ᠡᠳᠤᠷ ᠪᠦᠷᠢ 40 ~75 ᠭᠷᠠᠮ᠂ ᠰᠢᠷ᠎ᠠ ᠪᠤᠷᠴᠠᠭ ᠨᠢᠭᠡ ᠠᠳᠬᠤ (30 ᠭᠷᠠᠮ ᠤᠷᠴᠢᠮ)ᠡᠰᠡᠭᠦᠯ᠎ᠡ ᠵᠤᠬᠢᠬᠤ ᠪᠤᠷᠴᠠᠭ ᠤᠨ ᠪᠦᠳᠦᠭᠡᠭᠳᠡᠭᠦᠨᠢᠳᠡᠵᠦ ᠤᠤᠭᠤᠪᠠᠯ ᠵᠦᠭᠡᠷ ᠭᠡᠵᠦ ᠰᠠᠨᠠᠭᠤᠯᠵᠦ ᠪᠠᠶᠢᠨ᠎ᠠ᠃
ᠢᠷᠡᠯᠳᠡ :
ᠠᠷᠠᠳ ᠤᠨ ᠰᠦᠯᠵᠢᠶ᠎ᠡ
ᠮᠧᠡᠭ ᠰᠢᠶᠠᠡᠭ ᠳ᠋ᠦᠡᠭ ᠸᠢᠴᠠᠲ ᠤᠨ ᠨᠡᠶᠢᠳᠡ ᠶᠢᠨ ᠲᠠᠪᠴᠠᠡᠭ
ᠦᠪᠦᠷ ᠮᠤᠡᠭᠭᠤᠯ ᠤᠨ ᠪᠦᠬᠦ ᠠᠷᠠᠳ ᠢᠶᠡᠷ ᠢᠶᠡᠨ ᠪᠡᠶ᠎ᠡ ᠪᠡᠨ ᠴᠢᠬᠢᠷᠠᠬᠵᠢᠭᠤᠯᠬᠤ ᠨᠡᠶᠢᠳᠡ ᠶᠢᠨ ᠦᠢᠯᠡᠴᠢᠯᠡᠭᠡᠨ ᠤ ᠲᠠᠪᠴᠠᠡᠭ
ᠮᠧᠡᠭ ᠰᠢᠶᠠᠡᠭ ᠳ᠋ᠦᠡᠭ APP
ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ
ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ
ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ