ᠤᠷᠳᠤ ᠬᠤᠭᠤᠴᠠᠭ᠎ᠠ ᠪᠠᠷ ᠰᠢᠷᠡᠭᠡ ᠡᠯᠢᠬᠡᠳᠡᠨ ᠤᠳᠠᠭᠠᠨ ᠰᠠᠭᠤᠵᠤ ᠠᠵᠢᠯᠯᠠᠳᠠᠬ ᠬᠦᠮᠦᠰ ᠬᠡᠷᠪᠡ ᠦᠪᠡᠷ ᠤᠨ ᠪᠡᠶ᠎ᠠ ᠶᠢᠨ ᠢᠶᠠᠨ ᠡᠷᠡᠬᠦᠯ ᠮᠡᠨᠳᠦ ᠶᠢᠨ ᠪᠠᠶᠢᠳᠠᠯ ᠢᠶᠠᠨ ᠠᠩᠬᠠᠷᠬᠤ ᠦᠬᠡᠢ ᠪᠤᠯ ᠵᠢᠷᠤᠬᠡᠨ ᠰᠤᠳᠠᠯ ᠤᠨ ᠡᠪᠡᠳᠴᠢᠨ᠂ ᠰᠢᠩᠭᠡᠬᠡᠯᠳᠡ ᠶᠢᠨ ᠵᠠᠮ ᠤᠨ ᠡᠪᠡᠳᠴᠢᠨ᠂ ᠠᠮᠢᠰᠬᠤᠯ ᠤᠨ ᠵᠠᠮ ᠤᠨ ᠡᠪᠡᠳᠴᠢᠨ ᠵᠡᠷᠭᠡ ᠡᠪᠡᠳᠴᠢᠨ ᠳᠤ ᠠᠮᠠᠷᠬᠠᠨ ᠨᠡᠷᠪᠡᠭᠳᠡᠳᠡᠭ᠂ ᠡᠳᠡᠭᠡᠷ ᠡᠪᠡᠳᠴᠢᠨ ᠪᠤᠯ ᠴᠦᠮ ᠬᠦᠳᠡᠯᠬᠡᠬᠡᠨ ᠲᠤᠳᠠᠭᠤᠳᠠᠭᠰᠠᠨ ᠠᠴᠠ ᠪᠤᠯᠤᠭᠰᠠᠨ ᠶᠤᠮ᠂ ᠡᠶᠢᠮᠦᠷᠬᠦ ᠪᠠᠶᠢᠳᠠᠯ ᠳᠤ ᠳᠠᠷᠤᠢ ᠬᠦᠳᠡᠯᠬᠡᠬᠡᠨ ᠢᠯᠡᠬᠦᠦ ᠬᠢᠪᠡᠯ ᠵᠤᠬᠢᠨ᠎ᠠ᠃ ᠵᠢᠱᠢᠶᠡᠯᠡᠪᠡᠯ ᠨᠢᠭᠡ ᠴᠠᠬ ᠬᠠᠭᠠᠰ ᠠᠴᠠ ᠬᠤᠶᠠᠷ ᠴᠠᠬ ᠰᠠᠭᠤᠵᠤ ᠠᠵᠢᠯᠯᠠᠬᠰᠠᠨ ᠤ ᠳᠠᠷᠠᠭ᠎ᠠ ᠵᠠᠪᠰᠠᠷᠯᠠᠵᠤ᠂ ᠪᠡᠶ᠎ᠠ ᠶᠢᠨ ᠳᠠᠮᠢᠷ ᠤᠨ ᠬᠦᠳᠡᠯᠬᠡᠬᠡᠨ ᠬᠢᠨ᠎ᠠ᠃ ᠬᠡᠷᠪᠡ ᠡᠶᠢᠮᠤ ᠨᠦᠬᠦᠴᠡᠯ ᠦᠬᠡᠢ ᠪᠤᠯ ᠦᠷᠤᠬᠡ ᠳᠤᠳᠤᠷ᠎ᠠ ᠪᠠᠨ ᠨᠠᠭᠠᠰᠢ ᠴᠠᠭᠠᠰᠢ ᠶᠠᠪᠤᠵᠤ᠂ ᠬᠦᠯ ᠭᠠᠷ ᠢᠶᠠᠨ ᠵᠢᠭᠢᠯᠬᠡᠵᠤ᠂ ᠳᠤᠯᠤᠭᠠᠢ ᠪᠠᠨ ᠳᠡᠭᠡᠭᠰᠢ ᠳᠤᠷᠤᠬᠰᠢ᠂ ᠵᠡᠬᠦᠨᠰᠢ ᠪᠠᠷᠠᠭᠤᠨᠰᠢ ᠬᠦᠳᠡᠯᠭᠡᠵᠤ ᠪᠤᠯᠪᠠᠰᠤᠷᠠᠵᠤ ᠪᠤᠯᠤᠨ᠎ᠠ᠃ ᠡᠳᠡᠭᠡᠷ ᠨᠢ ᠴᠢᠰᠤᠨ ᠤ ᠡᠷᠬᠢᠯᠳᠡ ᠶᠢ ᠰᠠᠶᠢᠵᠢᠷᠠᠭᠤᠯᠵᠤ᠂ ᠦᠷᠬᠦᠯᠵᠢ ᠬᠦᠴᠤᠯᠡᠳᠡᠭ ᠪᠤᠯᠴᠢᠩ ᠳᠤ ᠦᠭᠭᠦ ᠳᠠᠷᠤᠯᠳᠠ ᠶᠢ ᠪᠠᠭᠠᠰᠬᠠᠭᠠᠳ ᠳᠡᠭᠡᠷ᠎ᠠ ᠲᠤᠷᠠᠳᠤᠭᠰᠠᠨ ᠡᠪᠡᠳᠴᠢᠨ ᠡᠮᠭᠡᠭ ᠤᠨ ᠡᠭᠦᠰᠬᠦ ᠶᠢ ᠰᠡᠷᠭᠡᠶᠢᠯᠡᠵᠦ ᠴᠢᠳᠠᠨ᠎ᠠ᠃
ᠢᠷᠡᠯᠳᠡ :
ᠦᠪᠦᠷ ᠮᠤᠩᠭᠤᠯ ᠤᠨ ᠡᠳᠦᠷ ᠦᠨ ᠰᠤᠨᠢᠨ
ᠮᠧᠡᠭ ᠰᠢᠶᠠᠡᠭ ᠳ᠋ᠦᠡᠭ ᠸᠢᠴᠠᠲ ᠤᠨ ᠨᠡᠶᠢᠳᠡ ᠶᠢᠨ ᠲᠠᠪᠴᠠᠡᠭ
ᠦᠪᠦᠷ ᠮᠤᠡᠭᠭᠤᠯ ᠤᠨ ᠪᠦᠬᠦ ᠠᠷᠠᠳ ᠢᠶᠡᠷ ᠢᠶᠡᠨ ᠪᠡᠶ᠎ᠡ ᠪᠡᠨ ᠴᠢᠬᠢᠷᠠᠬᠵᠢᠭᠤᠯᠬᠤ ᠨᠡᠶᠢᠳᠡ ᠶᠢᠨ ᠦᠢᠯᠡᠴᠢᠯᠡᠭᠡᠨ ᠤ ᠲᠠᠪᠴᠠᠡᠭ
ᠮᠧᠡᠭ ᠰᠢᠶᠠᠡᠭ ᠳ᠋ᠦᠡᠭ APP
ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ
ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ
ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ