ᠠᠮᠧᠷᠢᠺᠠ ᠶᠢᠨ ᠬᠠᠷᠸᠠᠷᠳ᠋ ᠶᠡᠬᠡ ᠰᠤᠷᠭᠠᠭᠤᠯᠢ ᠶᠢᠨ ᠠᠨᠠᠭᠠᠬᠤ ᠤᠬᠠᠭᠠᠨ ᠤ ᠲᠡᠭᠡᠳᠦ ᠰᠤᠷᠭᠠᠭᠤᠯᠢ ᠶᠢᠨ ᠰᠢᠨ᠎ᠡ ᠰᠤᠳᠤᠯᠭᠠᠨ ᠳᠤ ᠬᠠᠷᠠᠭᠤᠯᠤᠭᠰᠠᠨ ᠢᠶᠠᠷ᠂ ᠭᠠᠷᠠᠭ ᠪᠦᠷᠢ ᠲᠦᠷᠪᠡ ᠤᠳᠠᠭ᠎ᠠ ᠲᠦᠮᠦᠰᠦ ᠢᠳᠡᠪᠡᠯ ᠴᠢᠰᠤᠨ ᠳᠠᠷᠤᠯᠳᠠ ᠦᠨᠳᠦᠷᠵᠢᠬᠦ ᠨᠤᠷᠮ᠎ᠠ ᠶᠢ ᠨᠡᠮᠡᠭᠳᠡᠬᠦᠯᠳᠡᠭ᠃
ᠰᠤᠳᠤᠯᠭᠠᠳᠠᠳ 18.7 ᠲᠦᠮᠡᠨ ᠳᠤᠷᠰᠢᠯᠳᠠ ᠳᠤ ᠤᠷᠤᠯᠴᠠᠭᠴᠢ ᠶᠢ 20 ᠵᠢᠯ ᠮᠦᠷᠲᠡᠨ ᠪᠠᠶᠢᠴᠠᠭᠠᠯᠳᠠ ᠬᠢᠭᠰᠡᠨ ᠳᠤᠭ᠎ᠠ ᠪᠠᠷᠢᠮᠳᠠ ᠳᠤ ᠵᠠᠳᠠᠯᠤᠯᠳᠠ ᠬᠢᠭᠰᠡᠨ ᠤ ᠳ᠋ᠦᠩ ᠳᠤ᠂ ᠰᠠᠷ᠎ᠠ ᠪᠦᠷᠢ ᠨᠢᠭᠡ ᠤᠳᠠᠭ᠎ᠠ ᠠᠴᠠ ᠢᠯᠡᠬᠦᠦ ᠲᠦᠮᠦᠰᠦ ᠢᠳᠡᠳᠡᠭ ᠦᠭᠡᠢ ᠬᠦᠮᠦᠰ ᠲᠠᠢ ᠬᠠᠷᠢᠴᠠᠭᠤᠯᠪᠠᠯ ᠭᠠᠷᠠᠭ ᠪᠦᠷᠢ ᠨᠠᠭᠠᠳᠤ ᠵᠠᠬ᠎ᠠ ᠳᠠᠭᠠᠨ ᠲᠦᠷᠪᠡ ᠤᠳᠠᠭ᠎ᠠ ᠲᠦᠮᠦᠰᠦ ᠪᠠᠷ ᠬᠢᠭᠰᠡᠨ ᠢᠳᠡᠭᠡᠨ ᠢᠳᠡᠳᠡᠭ ᠬᠦᠮᠦᠰ ᠤᠨ ᠴᠢᠰᠤᠨ ᠳᠠᠷᠤᠯᠳᠠ ᠦᠨᠳᠦᠷᠵᠢᠬᠦ ᠨᠤᠷᠮ᠎ᠠ 11% ᠪᠠᠷ ᠦᠨᠳᠦᠷ ᠪᠠᠶᠢᠪᠠ᠃ ᠭᠠᠷᠠᠭ ᠪᠦᠷᠢ ᠨᠠᠭᠠᠳᠤ ᠵᠠᠬ᠎ᠠ ᠳᠠᠭᠠᠨ ᠲᠦᠷᠪᠡ ᠤᠳᠠᠭ᠎ᠠ ᠰᠢᠷᠭᠠᠭᠠᠭᠰᠠᠨ ᠲᠦᠮᠦᠰᠦ ᠶᠢᠨ ᠭᠡᠷᠴᠢᠮᠡᠯ ᠢᠳᠡᠳᠡᠭ ᠬᠦᠮᠦᠰ ᠤᠨ ᠴᠢᠰᠤᠨ ᠳᠠᠷᠤᠯᠳᠠ ᠦᠨᠳᠦᠷᠵᠢᠬᠦ ᠨᠤᠷᠮ᠎ᠠ 17% ᠪᠠᠷ ᠦᠨᠳᠦᠷ ᠪᠤᠯᠳᠠᠭ᠃ ᠭᠡᠷᠪᠡ ᠡᠳᠦᠷ ᠪᠦᠷᠢ ᠴᠠᠷᠳᠠᠭᠤᠯ ᠤᠨ ᠪᠤᠰᠤ ᠢᠳᠡᠰᠢᠨ ᠨᠤᠭᠤᠭ᠎ᠠ ᠪᠠᠷ ᠲᠦᠮᠦᠰᠦ ᠶᠢ ᠤᠷᠤᠯᠠᠭᠤᠯᠵᠤ ᠢᠳᠡᠪᠡᠯ ᠴᠢᠰᠤᠨ ᠳᠠᠷᠤᠯᠳᠠ ᠦᠨᠳᠦᠷᠵᠢᠬᠦ ᠨᠤᠷᠮ᠎ᠠ ᠶᠢ 7% ᠪᠠᠷ ᠪᠠᠭᠤᠷᠠᠭᠤᠯᠤᠨ᠎ᠠ᠃
ᠤᠴᠢᠷ ᠨᠢ ᠲᠦᠮᠦᠰᠦᠨ ᠳᠤ ᠶᠡᠭᠡ ᠭᠡᠮᠵᠢᠶᠡᠨ ᠤ ᠴᠠᠷᠳᠠᠭᠤᠯ ᠠᠭᠤᠯᠤᠭᠳᠠᠵᠤ᠂ ᠰᠢᠬᠢᠷ ᠢ ᠨᠡᠮᠡᠭᠳᠡᠬᠦᠯᠬᠦ ᠵᠢᠭᠠᠯᠳᠠ ᠳᠤᠭ᠎ᠠ ᠨᠢ ᠦᠨᠳᠦᠷ᠂ ᠰᠢᠬᠢᠷ ᠨᠡᠮᠡᠭᠳᠡᠬᠦᠯᠳᠡᠭ ᠢᠳᠡᠭᠡᠨ ᠨᠢ ᠳᠠᠬᠢᠭᠠᠳ ᠴᠢᠰᠤᠨ ᠤ ᠰᠢᠬᠢᠷ ᠢ ᠭᠡᠨᠡᠳᠳᠡ ᠪᠠᠷ ᠨᠡᠮᠡᠭᠳᠡᠬᠦᠯᠳᠡᠭ᠃ ᠲᠦᠮᠦᠰᠦ ᠶᠢᠨ ᠳᠤᠳᠤᠷ᠎ᠠ ᠶᠡᠭᠡ ᠭᠡᠮᠵᠢᠶᠡᠨ ᠤ ᠸᠢᠲ᠋ᠠᠮᠢᠨ C ᠪᠠ ᠺᠠᠯᠢ ᠵᠡᠷᠭᠡ ᠤᠯᠠᠨ ᠲᠦᠷᠦᠯ ᠤᠨ ᠰᠢᠮ᠎ᠡ ᠲᠡᠵᠢᠭᠡᠯᠳᠦ ᠡᠳ᠋ ᠠᠭᠤᠯᠤᠭᠳᠠᠳᠠᠭ ᠳᠤᠯᠠ ᠭᠡᠮᠵᠢᠶ᠎ᠡ ᠲᠠᠢ ᠢᠳᠡᠪᠡᠯ ᠬᠠᠷᠢᠨ ᠰᠢᠮ᠎ᠡ ᠲᠡᠵᠢᠭᠡᠯ ᠰᠠᠶᠢᠳᠠᠢ ᠪᠤᠯᠳᠠᠭ᠃
ᠢᠷᠡᠯᠳᠡ :
ᠪᠠᠶᠠᠨᠨᠠᠭᠤᠷ ᠮᠤᠩᠭᠤᠯ ᠰᠦᠯᠵᠢᠶ᠎ᠡ
ᠮᠧᠡᠭ ᠰᠢᠶᠠᠡᠭ ᠳ᠋ᠦᠡᠭ ᠸᠢᠴᠠᠲ ᠤᠨ ᠨᠡᠶᠢᠳᠡ ᠶᠢᠨ ᠲᠠᠪᠴᠠᠡᠭ
ᠦᠪᠦᠷ ᠮᠤᠡᠭᠭᠤᠯ ᠤᠨ ᠪᠦᠬᠦ ᠠᠷᠠᠳ ᠢᠶᠡᠷ ᠢᠶᠡᠨ ᠪᠡᠶ᠎ᠡ ᠪᠡᠨ ᠴᠢᠬᠢᠷᠠᠬᠵᠢᠭᠤᠯᠬᠤ ᠨᠡᠶᠢᠳᠡ ᠶᠢᠨ ᠦᠢᠯᠡᠴᠢᠯᠡᠭᠡᠨ ᠤ ᠲᠠᠪᠴᠠᠡᠭ
ᠮᠧᠡᠭ ᠰᠢᠶᠠᠡᠭ ᠳ᠋ᠦᠡᠭ APP
ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ
ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ
ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ