2022 ᠣᠨ ᠤ 12 ᠰᠠᠷ᠎ᠠ ᠶᠢᠨ 27 ᠤ ᠡᠳᠦᠷ ᠠᠴᠠ 2023 ᠣᠨ ᠤ 1 ᠰᠠᠷ᠎ᠠ ᠶᠢᠨ 2 ᠤᠨ ᠡᠳᠦᠷ ᠪᠣᠯᠲᠠᠯ᠎ᠠ ᠪᠥᠬᠦ ᠤᠯᠤᠰ ᠤᠨ ᠵᠠᠯᠠᠭᠤᠴᠤᠳ ᠪᠠᠭᠠᠴᠤᠳ ᠤᠨ ᠥᠨᠳᠥᠷ ᠠᠭᠤᠯᠠ ᠶᠢᠨ ᠴᠠᠰᠤᠨ ᠳᠤ ᠭᠤᠯᠭᠤᠬᠤ ᠮᠠᠩᠯᠠᠢ ᠰᠢᠯᠭᠠᠷᠠᠭᠤᠯᠬᠤ ᠤᠷᠤᠯᠳᠤᠭᠠᠨ᠂ ᠪᠥᠬᠦ ᠤᠯᠤᠰ ᠤᠨ ᠴᠢᠯᠦᠭᠡᠲᠦ ᠮᠠᠶ᠋ᠢᠭ ᠤᠨ ᠪᠠ ᠳ᠋ᠠᠩ ᠴᠠᠨ᠎ᠠ ᠢᠶᠠᠷ ᠰᠠᠭᠠᠳ ᠲᠠᠪᠠᠭ᠋ᠤ ᠮᠠᠩᠯᠠᠢ ᠰᠢᠯᠭᠠᠷᠠᠭᠤᠯᠬᠤ ᠤᠷᠤᠯᠳᠤᠭᠠᠨ ᠲᠣᠰ ᠲᠣᠰ ᠲᠦᠩᠬᠤᠸᠠ ᠬᠤᠲᠠ ᠪᠠ ᠴᠢᠭᠤᠯᠤᠯᠲᠤ ᠬᠠᠭᠠᠯᠭ᠎ᠠ ᠬᠤᠲᠠ ᠳᠤ ᠶᠠᠪᠤᠭᠳᠠᠵᠤ᠂ ᠮᠠᠨ ᠤ ᠣᠷᠣᠨ 8  ᠲᠠᠮᠢᠷᠴᠢᠨ ᠲᠣᠮᠢᠯᠠᠨ ᠲᠣᠰ ᠤᠳᠠᠭᠠᠨ ᠤ ᠤᠷᠤᠯᠳᠤᠭᠠᠨ ᠳᠤ ᠣᠷᠣᠯᠴᠠᠭᠤᠯᠪᠠ᠃

1.png

ᠰᠢᠷᠦᠭᠦᠨ ᠦᠷᠢᠰᠦᠯᠳᠦᠭᠡᠨ ᠢᠶᠠᠷ ᠲᠠᠮᠵᠢᠨ᠂ ᠲᠠᠮᠢᠷᠴᠢᠨ ᠸᠠᠩ ᠴᠤᠤ ᠥᠨᠳᠥᠷ ᠠᠭᠤᠯᠠ ᠶᠢᠨ ᠴᠠᠰᠤᠨ ᠳᠤ ᠭᠤᠯᠭᠤᠬᠤ ᠤᠷᠤᠯᠳᠤᠭᠠᠨ ᠤ ᠵᠠᠯᠠᠭᠤᠴᠤᠳ ᠤᠨ ᠳᠤᠭᠤᠶᠢᠯᠠᠩ ᠤᠨ ᠡᠷᠡᠭᠲᠡᠢ ᠶᠢᠨ ᠡᠷᠭᠢᠯᠲᠡ ᠶᠢᠨ ᠤᠷᠤᠯᠳᠤᠭᠠᠨ ᠤ ᠮᠠᠩᠯᠠᠢ ᠳᠤ ᠰᠢᠯᠭᠠᠷᠠᠵᠤ᠂ ᠲᠠᠮᠢᠷᠴᠢᠨ ᠵᠠᠩ ᠯᠢ ᠬᠤᠢ ᠳᠥᠷᠪᠡᠳᠦᠭᠡᠷ ᠲᠤ ᠣᠷᠣᠵᠠᠢ︔ ᠵᠠᠯᠠᠭᠤᠴᠤᠳ ᠤᠨ ᠳᠤᠭᠤᠶᠢᠯᠠᠩ ᠤᠨ ᠡᠷᠡᠭᠲᠡᠢ ᠶᠢᠨ ᠶᠡᠭᠡ ᠡᠷᠭᠢᠯᠲᠡ ᠶᠢᠨ ᠤᠷᠤᠯᠳᠤᠭᠠᠨ ᠳᠤ ᠲᠠᠮᠢᠷᠴᠢᠨ ᠸᠠᠩ ᠴᠤᠤ ᠳᠡᠳ᠋ᠯᠡᠵᠦ᠂ ᠲᠠᠮᠢᠷᠴᠢᠨ ᠵᠠᠩ ᠶᠤᠸᠠᠢ᠂ ᠵᠠᠩ ᠯᠢ ᠬᠤᠢ ᠳᠥᠷᠪᠡᠳᠦᠭᠡᠷ ᠲᠠᠪᠤᠳᠤᠭᠠᠷ ᠲᠤ ᠣᠷᠣᠵᠠᠢ᠃ ᠳ᠋ᠠᠩ ᠴᠠᠨ᠎ᠠ ᠢᠶᠠᠷ ᠰᠠᠭᠠᠳ ᠳᠠᠪᠠᠭ᠋ᠤ ᠤᠷᠤᠯᠳᠤᠭᠠᠨ ᠳᠤ ᠲᠠᠮᠢᠷᠴᠢᠨ ᠶᠤᠸᠠᠢ ᠲᠤᠤ ᠶᠤᠸᠠᠨ᠂ ᠯᠢ ᠺᠧ ᠰᠢᠨ ᠬᠦᠢᠰᠦ ᠢᠯᠭᠠᠬᠤ ᠦᠭᠡᠢ ᠪᠠᠭ ᠤᠨ ᠤᠷᠤᠯᠳᠤᠭᠠᠨ ᠳᠤ ᠲᠡᠳ᠋ᠯᠡᠪᠡ᠃

1.png

ᠲᠤᠰ ᠬᠤᠶᠠᠷ ᠵᠦᠢᠯ ᠤᠨ ᠤᠷᠤᠯᠳᠤᠭᠠᠨ ᠤ ᠪᠠᠭ ᠪᠠᠶᠢᠭᠤᠯᠤᠭᠳᠠᠭᠰᠠᠨ ᠴᠠᠭ ᠨᠢ ᠨᠡᠯᠢᠶᠡᠳ ᠣᠷᠣᠢ ᠪᠠᠶᠢᠵᠤ᠂ ᠲᠠᠮᠢᠷᠴᠢᠳ ᠤᠨ ᠪᠡᠯᠡᠳᠬᠡᠯ  ᠰᠠᠭᠤᠷᠢ ᠠᠨᠠᠢ᠂ ᠬᠡᠳᠦᠨ ᠵᠢᠯ ᠤᠨ ᠲᠦᠷᠭᠡᠨ ᠬᠥᠭᠵᠢᠯᠲᠡ ᠪᠠᠷ ᠳᠡᠮᠵᠢᠨ᠂ ᠡᠨᠡ ᠤᠳᠠᠭ᠎ᠠ ᠰᠢᠪᠳᠤᠯᠤᠯᠳᠠ ᠶᠢᠨ ᠴᠢᠨᠠᠷᠳᠠᠢ ᠠᠮᠵᠢᠯᠳᠠ ᠲᠠᠢ ᠪᠣᠯᠤᠭᠰᠠᠨ ᠪᠠᠶᠢᠨ᠎ᠠ᠃


ᠢᠷᠡᠯᠳᠡ : 

ᠲᠤᠰ ᠰᠦᠯᠵᠢᠶ᠎ᠡ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ