ᠬᠥᠮᠦᠰ ᠬᠣᠭᠣᠯᠠ ᠪᠠᠨ ᠴᠠᠳᠲᠠᠯ᠎ᠠ ᠢᠳᠡᠭᠰᠡᠨ ᠦ ᠳᠠᠷᠠᠭ᠎ᠠ ᠨᠣᠶᠢᠷ ᠬᠦᠷᠦᠨ᠎ᠡ᠂ ᠡᠨᠡ ᠦᠶ᠎ᠡ ᠳᠦ ᠵᠢᠭᠠᠬᠠᠨ ᠠᠯᠬᠤᠬᠤ ᠶᠤᠮ ᠤᠤ ᠡᠰᠡᠬᠦᠯ᠎ᠡ ᠨᠢᠭᠡ ᠨᠤᠢ᠌ᠢᠷ ᠤᠨᠲᠠᠭᠠᠳ ᠠᠪᠬᠤ ᠶᠤᠮ ᠤᠤ ᠭᠡᠳᠡᠭ ᠰᠣᠩᠭᠣᠯᠲᠠ ᠲᠤᠯᠭᠠᠷᠠᠨ᠎ᠠ᠃  ᠦᠨᠡᠨ ᠳᠡᠭᠡᠨ ᠰᠠᠶ᠋ᠢ ᠬᠣᠭᠣᠯᠠ ᠪᠠᠨ ᠢᠳᠡᠵᠦ ᠪᠠᠷᠠᠭᠰᠠᠨ ᠤ ᠳᠠᠷᠠᠭ᠎ᠠ ᠰᠢᠩᠭᠡᠭᠡᠯᠲᠡ ᠶᠢᠨ ᠰᠢᠰᠲ᠋ᠧᠮ ᠠᠵᠢᠯᠯᠠᠵᠤ ᠪᠠᠢ᠌ᠢᠭ᠎ᠠ ᠪᠤᠯᠬᠤᠷ᠂ ᠲᠡᠭᠰᠢᠬᠡᠨ ᠬᠡᠪᠲᠡᠬᠦ ᠨᠢ ᠬᠣᠳᠣᠭᠣᠳᠣ ᠭᠡᠳᠡᠰᠦᠨ ᠦ ᠭᠦᠷᠪᠡᠯᠵᠡᠬᠦ ᠬᠤᠷᠳᠤᠴᠠ ᠶᠢ ᠨᠥᠯᠥᠭᠡᠯᠡᠵᠦ᠂ ᠰᠢᠩᠭᠡᠭᠡᠯᠲᠡ ᠳᠦ ᠠᠰᠢᠭ ᠦᠭᠡᠢ᠂ ᠪᠠᠰᠠ ᠬᠣᠳᠣᠭᠣᠳᠣᠨ ᠤ ᠬᠡᠰᠡᠭ ᠦᠨ ᠠᠵᠢᠯᠯᠠᠬᠤ ᠴᠠᠭ ᠢ ᠤᠷᠲᠤᠳᠬᠠᠵᠤ᠂ ᠬᠣᠳᠣᠭᠣᠳᠣᠨ ᠤ ᠬᠥᠳᠡᠯᠭᠡᠬᠦ ᠬᠦᠴᠦᠨ ᠢ ᠨᠥᠯᠥᠭᠡᠯᠡᠨ᠎ᠡ᠃ ᠬᠡᠪᠲᠡᠭᠰᠡᠨ ᠦ ᠳᠠᠷᠠᠭ᠎ᠠ ᠪᠠᠰᠠ ᠬᠣᠳᠣᠭᠣᠳᠣᠨ ᠳᠣᠲᠣᠷᠠᠬᠢ ᠳᠠᠷᠤᠯᠲᠠ ᠶᠢ ᠨᠡᠮᠡᠭᠳᠡᠭᠦᠯᠵᠦ᠂   ᠬᠤᠭᠤᠴᠠᠭ᠎ᠠ ᠤᠳᠠᠪᠠᠯ ᠤᠳᠠᠭᠠᠨ ᠴᠢᠨᠠᠷᠲᠠᠶ ᠬᠣᠳᠣᠭᠣᠳᠣᠨ ᠡᠪᠡᠳᠴᠢᠨ ᠳᠦ ᠠᠮᠠᠷᠬᠠᠨ ᠨᠡᠷᠪᠡᠭᠳᠡᠨ᠎ᠡ᠃

ᠰᠤᠳᠤᠯᠭᠠᠨ ᠤ ᠭᠡᠷᠡᠴᠢᠯᠡᠭᠰᠡᠨ ᠢᠶᠡᠷ᠂ ᠬᠡᠷᠪᠡ ᠣᠷᠳᠣ ᠬᠤᠭᠤᠴᠠᠭ᠎ᠠ ᠪᠠᠷ ᠭᠠᠷᠠᠭ ᠪᠦᠷᠢ ᠲᠠᠪᠤᠨ ᠡᠳᠦᠷ ᠪᠠᠷᠢᠮᠲᠠᠯᠠᠵᠤ ᠂ ᠡᠳᠦᠷ ᠪᠦᠷᠢ ᠨᠡᠶᠢᠲᠡ ᠭᠤᠷᠪᠠᠨ ᠴᠠᠭ ᠵᠣᠭᠰᠣᠪᠠᠯ ᠂ ᠦᠷ᠎ᠡ ᠳ᠋ᠦᠩ ᠨᠢ ᠮᠠᠷᠠᠽᠤᠨ ᠤ ᠬᠢ ᠡᠴᠡ ᠰᠠᠶᠢᠨ ᠪᠠᠶᠢᠳᠠᠭ ᠃ᠤᠴᠢᠷ ᠨᠢ ᠵᠣᠭᠰᠣᠬᠤ ᠦᠶ᠎ᠡ ᠳᠦ᠂ ᠬᠥᠯ ᠦᠨ ᠬᠡᠰᠡᠭ ᠦᠨ ᠪᠣᠢ ᠪᠦᠬᠦᠢ ᠪᠤᠯᠴᠢᠩ ᠪᠦᠷ ᠠᠵᠢᠯᠯᠠᠵᠤ ᠪᠠᠶᠢᠳᠠᠭ᠂ ᠬᠡᠷᠪᠡ ᠳᠠᠬᠢᠨ ᠠᠯᠬᠤᠬᠤ ᠪᠤᠶᠤ ᠪᠤᠰᠤᠳ ᠬᠥᠳᠡᠯᠭᠡᠭᠡᠨ ᠲᠡᠶ ᠬᠠᠮᠵᠢᠯᠴᠠᠪᠠᠯ᠂ ᠪᠤᠯᠴᠢᠩ ᠤᠨ ᠬᠥᠳᠡᠯᠭᠡᠭᠡᠨ ᠦ ᠬᠡᠮᠵᠢᠶ᠎ᠡ ᠨᠢ ᠶᠡᠬᠡᠰᠴᠦ᠂ ᠵᠠᠷᠤᠴᠠᠭᠤᠯᠬᠤ ᠢᠯᠴᠢ ᠶᠢᠨ ᠬᠡᠮᠵᠢᠶ᠎ᠡ ᠨᠢ ᠨᠡᠩ ᠠᠷᠪᠢᠨ ᠪᠣᠯᠤᠨ᠎ᠠ᠃ᠬᠡᠷᠪᠡ ᠲᠤᠩᠭᠠᠯᠠᠭ ᠡᠳᠦᠷ ᠢᠯᠡᠭᠦᠦ ᠭᠠᠷᠴᠤ ᠰᠡᠯᠡᠭᠦᠴᠡᠨ ᠠᠯᠬᠤᠪᠠᠯ ᠪᠠᠰᠠ ᠠᠷᠤᠭ ᠶᠠᠰᠤᠨ ᠤ ᠡᠷᠡᠭᠦᠯ ᠴᠢᠭᠢᠷᠠᠭ ᠲᠤ ᠠᠰᠢᠭᠲᠠᠶ ᠪᠠᠶᠢᠵᠤ᠂ ᠶᠠᠰᠤ ᠰᠡᠶᠢᠷᠡᠭᠵᠢᠬᠦ ᠶᠢ ᠰᠡᠷᠭᠡᠶᠢᠯᠡᠬᠦ ᠪᠠ ᠨᠠᠮᠳᠠᠭᠠᠨ᠎ᠠ᠃ ᠬᠣᠭᠣᠯᠠᠨ ᠤ ᠳᠠᠷᠠᠭ᠎ᠠ ᠵᠣᠭᠰᠣᠬᠤ ᠦᠶ᠎ᠡ ᠳᠦ᠂ ᠬᠡᠷᠡᠮ ᠲᠦᠰᠢᠨ ᠬᠦᠴᠦᠯᠡᠨ ᠵᠣᠭᠰᠣᠪᠠᠯ᠂ ᠰᠡᠭᠡᠷ ᠨᠢᠷᠤᠭᠤ ᠵᠣᠬᠢᠬᠤ ᠬᠡᠮᠵᠢᠶᠡᠨ ᠦ ᠰᠡᠳᠦᠯᠲᠡ ᠶᠢ ᠬᠦᠷᠲᠡᠵᠦ᠂ ᠮᠥᠷᠥ ᠬᠦᠵᠦᠭᠦᠦ ᠡᠪᠡᠳᠬᠦ ᠶᠢ ᠨᠠᠮᠳᠠᠭᠠᠵᠤ᠂ ᠬᠦᠵᠦᠭᠦᠦ ᠰᠡᠭᠡᠷ ᠢ ᠲᠠᠶᠢᠪᠤᠰᠢᠷᠠᠭᠤᠯᠬᠤ ᠪᠠᠷ ᠪᠠᠷᠠᠬᠤ ᠦᠭᠡᠢ᠂ ᠪᠠᠰᠠ ᠶᠡᠬᠡ ᠲᠠᠷᠢᠬᠢᠨ ᠤ ᠮᠡᠳᠡᠷᠡᠯ ᠳᠦ ᠰᠡᠳᠦᠯᠲᠡ ᠥᠭᠴᠦ᠂ ᠶᠡᠬᠡ ᠲᠠᠷᠢᠬᠢᠨ ᠤ ᠠᠮᠢᠵᠢᠷᠠᠯ ᠤᠨ ᠬᠦᠴᠦᠨ ᠢ ᠬᠥᠭᠵᠢᠭᠡᠵᠦ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠠᠵᠢᠯ ᠤᠨ ᠳᠠᠷᠤᠯᠲᠠ ᠶᠢ ᠪᠦᠲᠦᠮᠵᠢᠲᠡᠶ ᠬᠥᠩᠭᠡᠷᠡᠭᠦᠯᠦᠨ᠎ᠡ᠃

ᠢᠷᠡᠯᠳᠡ : 

 ᠲᠤᠰ ᠰᠦᠯᠵᠢᠶ᠎ᠡ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ