1.jpg

3 ᠰᠠᠷ᠎ᠠ ᠶᠢᠨ 25 ᠤ ᠡᠳᠦᠷ ᠠᠴᠠ 27 ᠤ ᠡᠳᠦᠷ ᠪᠣᠯᠲᠠᠯ᠎ᠠ᠂ ᠪᠥᠬᠦ ᠤᠯᠤᠰ ᠤᠨ ᠮᠣᠷᠢᠨ ᠮᠡᠷᠭᠡᠵᠢᠯ ᠤᠨᠭᠤᠷᠪᠠᠨ ᠵᠦᠢᠯ ᠤᠨ ᠤᠷᠤᠯᠳᠤᠭᠠᠨ ᠤ ᠮᠠᠩᠯᠠᠢ ᠰᠢᠯᠭᠠᠷᠠᠭᠤᠯᠬᠤ ᠤᠷᠤᠯᠳᠤᠭᠠᠨ ᠱᠠᠨᠰᠢ ᠮᠤᠵᠢ ᠶᠢᠨ ᠴᠢᠨ ᠬᠠᠨ ᠣᠯᠠᠨ ᠤᠯᠤᠰ ᠤᠨ ᠮᠣᠷᠢᠨ ᠮᠡᠷᠭᠡᠵᠢᠯ ᠤᠨ ᠲᠥᠪ ᠲᠤ ᠶᠠᠪᠤᠭᠳᠠᠪᠠ᠃    

ᠤᠷᠤᠯᠳᠤᠭᠠᠨ ᠢ ᠬᠠᠮᠲᠤ ᠶᠢᠨ ᠤᠷᠤᠯᠳᠤᠭᠠᠨ ᠪᠠ ᠬᠤᠪᠢ ᠬᠥᠮᠥᠨ ᠤ ᠤᠷᠤᠯᠳᠤᠭᠠᠨ ᠭᠡᠵᠦ ᠠᠩᠭᠢᠯᠠᠨ᠂ ᠪᠦᠬᠦᠤᠯᠤᠰ ᠠᠴᠠ ᠢᠷᠡᠭᠰᠡᠨ ᠲᠠᠪᠤᠨ ᠲᠥᠯᠥᠭᠡᠯᠡᠭᠴᠢᠳ ᠤᠨ ᠠᠩᠭᠢ ᠶᠢᠨ 32 ᠬᠤᠣᠰ ᠲᠠᠮᠢᠷᠴᠢᠨ ᠪᠠ ᠮᠤᠷᠢ ᠤᠷᠤᠯᠳᠤᠭᠠᠨ ᠳᠤ ᠣᠷᠣᠯᠴᠠᠪᠠ᠂ ᠮᠠᠨ ᠤ ᠤᠷᠤᠨ 3 ᠲᠠᠮᠢᠷᠴᠢᠨ 3 ᠮᠤᠷᠢ ᠲᠣᠮᠢᠯᠠᠨ ᠲᠤᠰ ᠤᠳᠠᠭᠠᠨ ᠤᠤᠷᠤᠯᠳᠤᠭᠠᠨ ᠳᠤ ᠣᠷᠣᠯᠴᠠᠭᠤᠯᠪᠠ᠃ ᠪᠦᠵᠢᠭᠳᠦ ᠠᠯᠬᠤᠭ᠎ᠠ᠂ ᠬᠡᠭᠡᠷᠡᠯᠡᠨ ᠰᠠᠭᠠᠳ ᠳᠠᠪᠠᠭ᠋ᠤ ᠵᠢᠴᠢ ᠲᠠᠯᠠᠪᠤᠷ ᠤᠨ ᠰᠠᠭᠠᠳ ᠳᠠᠪᠠᠭ᠋ᠤ ᠭᠤᠷᠪᠠᠨ ᠵᠦᠢᠯ ᠤᠨ ᠤᠷᠤᠯᠳᠤᠭᠠᠨ ᠨᠢ ᠮᠣᠷᠢᠨ ᠮᠡᠷᠭᠡᠵᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠭᠤᠣᠯᠳᠠᠯᠭ᠎ᠠ ᠲᠠᠢ ᠤᠷᠤᠯᠳᠤᠭᠠᠨ ᠤ ᠲᠦᠷᠦᠯ ᠵᠦᠢᠯ ᠪᠣᠯᠤᠭᠰᠠᠨ ᠤ ᠬᠤᠪᠢ ᠳᠤ᠂ ᠬᠥᠮᠥᠨ ᠮᠣᠷᠢᠨ ᠤ ᠶᠡᠷᠦᠩᠬᠡᠶᠢᠯᠡᠭᠰᠡᠨ ᠴᠢᠳᠠᠪᠤᠷᠢ ᠶᠢ ᠰᠢᠯᠭᠠᠳᠠᠭ᠃ ᠭᠤᠷᠪᠠᠨ ᠡᠳᠦᠷ ᠤᠨ ᠰᠢᠷᠦᠭᠦᠨ ᠥᠷᠢᠰᠦᠯᠳᠦᠭᠡᠨ ᠢᠶᠠᠷ ᠳᠡᠮᠵᠢᠨ᠂ ᠥᠪᠥᠷ ᠮᠣᠩᠭᠤᠯ ᠤᠨ ᠳᠠᠷᠮ᠎ᠠ᠂ ᠡᠨᠡᠷᠢᠯ᠂ ᠮᠥᠩᠬᠡᠪᠠᠲᠤ ᠪᠦᠯᠬᠦᠮ ᠤᠨ ᠤᠷᠤᠯᠳᠤᠭᠠᠨ ᠤ ᠭᠤᠷᠪᠠᠳᠤᠭᠠᠷ ᠲᠤ ᠣᠷᠣᠪᠠ᠃

ᠵᠠᠯᠠᠭᠤ ᠲᠠᠮᠢᠷᠴᠢᠨ ᠡᠨᠡᠷᠢᠯ ᠪᠣᠯᠣᠨ ᠲᠡᠭᠦᠨ ᠤ ᠤᠨᠤᠭᠰᠠᠨ ᠮᠤᠷᠢ ᠨᠢ ᠶᠡᠷᠦᠩᠬᠡᠢ ᠲᠣᠷᠭᠠᠭᠤᠯᠢ ᠬᠤᠪᠢ 32.3 ᠬᠤᠪᠢ ᠶᠢᠨ ᠬᠢᠷᠢ ᠪᠦᠲᠦᠮᠵᠢ ᠪᠠᠷ ᠬᠤᠪᠢ ᠬᠥᠮᠥᠨ ᠤ ᠤᠷᠤᠯᠳᠤᠭᠠᠨ ᠳᠤ ᠭᠤᠷᠪᠠᠳᠤᠭᠠᠷ ᠲᠤ ᠣᠷᠣᠵᠤ᠂ ᠳᠠᠷᠮ᠎ᠠ  ᠶᠢᠨ ᠮᠤᠷᠢ ᠨᠢ ᠬᠠᠮᠤᠭ ᠤᠨ ᠰᠠᠶᠢᠨ ᠮᠣᠷᠢᠨ ᠤ ᠳᠦᠷᠢ ᠲᠥᠷᠬᠦ ᠶᠢᠨ ᠱᠠᠩᠨᠠᠯ ᠢ ᠭᠥᠷᠳᠡᠪᠡ᠃

2.png


ᠢᠷᠡᠯᠳᠡ : 

 ᠲᠤᠰ ᠰᠦᠯᠵᠢᠶ᠎ᠡ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ