ᠡᠩ ᠦᠨ ᠪᠠᠶᠢᠳᠠᠯ ᠳᠤ᠂ ᠡᠷᠡᠭᠦᠯ ᠬᠥᠮᠦᠨ ᠦ ᠤᠨᠲᠠᠬᠤ ᠴᠠᠭ ᠨᠢ ᠲᠤᠯᠤᠭ᠎ᠠ ᠠᠴᠠ ᠨᠠᠢᠮᠠᠨ ᠴᠠᠭ ᠪᠠᠶᠢᠳᠠᠭ᠂ ᠬᠡᠷᠪᠡ ᠤᠨᠲᠠᠬᠤ ᠴᠠᠭ ᠨᠢ  ᠤᠷᠤᠢᠳᠠᠬᠤ ᠪᠤᠶᠤ ᠤᠨᠲᠠᠬᠤ ᠴᠠᠭ ᠨᠢ ᠡᠨᠡ ᠴᠠᠭ ᠠᠴᠠ ᠪᠠᠭ᠎ᠠ ᠪᠠᠶᠢᠪᠠᠯ  ᠬᠦᠮᠦᠨ ᠤᠨ ᠪᠡᠶ᠎ᠡ ᠳᠦ ᠮᠠᠭᠤ ᠨᠦᠯᠦᠭᠡ ᠲᠠᠢ᠃

ᠰᠦᠨᠢ ᠲᠦᠯᠢᠬᠦ ᠨᠢ ᠬᠥᠮᠦᠨ ᠦ ᠪᠡᠶ᠎ᠡ ᠳᠦ ᠮᠠᠰᠢ ᠶᠡᠬᠡ ᠬᠣᠣᠷ ᠬᠥᠨᠥᠭᠡᠯ ᠲᠡᠶ ᠶᠤᠮ᠂ ᠨᠢᠭᠡ ᠭᠠᠷᠠᠭ ᠰᠦᠨᠢ ᠲᠦᠯᠢᠪᠡᠯ ᠨᠢᠳᠦᠨ ᠦ ᠬᠠᠷ᠎ᠠ ᠴᠠᠭᠠᠷᠢᠭ᠂ ᠠᠷᠠᠰᠤᠨ ᠳᠤ ᠰᠡᠪᠬᠡ ᠭᠠᠷᠬᠤ᠂ ᠨᠢᠳᠦ ᠶᠠᠳᠠᠷᠠᠬᠤ᠂ ᠠᠩᠬᠠᠷᠤᠯ ᠲᠥᠪᠯᠡᠷᠡᠬᠦ ᠦᠭᠡᠢ ᠪᠣᠯᠬᠤ ᠵᠡᠷᠭᠡ ᠪᠠᠶᠢᠳᠠᠯ ᠭᠠᠷᠴᠤ ᠮᠡᠳᠡᠨ᠎ᠡ᠃

ᠬᠡᠷᠪᠡ ᠨᠢᠭᠡ ᠰᠠᠷ᠎ᠠ ᠠᠴᠠ ᠳᠡᠭᠡᠭᠰᠢ  ᠰᠦᠨᠢ ᠲᠦᠯᠢᠪᠡᠯ᠂ ᠴᠢᠰᠤᠨ ᠳᠠᠷᠤᠯᠲᠠ᠂ ᠴᠢᠰᠤᠨ ᠰᠢᠬᠢᠷ ᠥᠨᠳᠥᠷᠵᠢᠬᠦ᠂ ᠵᠢᠷᠦᠬᠡ ᠡᠪ ᠦᠭᠡᠢ ᠪᠣᠯᠬᠤ ᠪᠠᠶᠢᠳᠠᠯ ᠭᠠᠷᠴᠤ᠂ ᠡᠪᠡᠳᠴᠢᠨ ᠢ ᠡᠰᠡᠷᠭᠦᠴᠡᠬᠦ ᠴᠢᠳᠠᠪᠤᠷᠢ ᠶᠢ ᠬᠦᠨᠳᠦ ᠨᠣᠴᠢᠲᠠᠶ ᠨᠥᠯᠥᠭᠡᠯᠡᠵᠦ᠂ ᠡᠪᠡᠳᠴᠢᠨ ᠢ ᠡᠰᠡᠷᠭᠦᠴᠡᠬᠦ ᠴᠢᠳᠠᠪᠤᠷᠢ ᠶᠢ ᠪᠠᠭᠤᠷᠠᠭᠤᠯᠳᠠᠭ᠃

ᠠᠮᠢᠳᠤᠷᠠᠯ ᠤᠨ ᠳᠤᠮᠳᠠ ᠦᠷᠭᠦᠯᠵᠢ ᠲᠣᠬᠢᠶᠠᠯᠳᠤᠳᠠᠭ ᠡᠪᠡᠳᠴᠢᠨ᠂ ᠵᠢᠱᠢᠶᠡᠯᠡᠪᠡᠯ ᠤᠳᠠᠭᠠᠨ ᠴᠢᠨᠠᠷᠲᠠᠶ ᠪᠠᠭᠤᠯᠵᠠᠭᠤᠷ ᠤᠨ ᠦᠷᠪᠢᠰᠦᠯ᠂ ᠰᠢᠩᠭᠡᠭᠡᠯᠲᠡ ᠶᠢᠨ ᠵᠠᠮ ᠡᠪ ᠥᠬᠡᠶ ᠪᠣᠯᠬᠤ ᠂ ᠳᠠᠬᠢᠨ ᠳᠠᠪᠲᠠᠨ ᠬᠢᠮᠤᠷᠠᠬᠤ ᠵᠡᠷᠭᠡ ᠨᠢ ᠴᠥᠮ ᠡᠪᠡᠳᠴᠢᠨ ᠢ ᠡᠰᠡᠷᠭᠦᠴᠡᠬᠦ ᠴᠢᠳᠠᠪᠤᠷᠢ ᠳᠣᠸᠷ᠎ᠠ ᠪᠠᠶᠢᠬᠤ ᠲᠠᠶ ᠬᠣᠯᠪᠣᠭ᠎ᠠ ᠲᠠᠶ ᠶᠤᠮ ᠃ ᠡᠭᠦᠨ ᠡᠴᠡ ᠭᠠᠳᠠᠨ᠎ᠠ ᠂ ᠰᠦᠨᠢ ᠲᠦᠯᠢᠬᠦ ᠨᠢ ᠪᠠᠰᠠ ᠳᠣᠲᠣᠭᠠᠳᠤ ᠰᠢᠭᠦᠷᠡᠯᠲᠡ ᠶᠢ ᠨᠥᠯᠥᠭᠡᠯᠡᠵᠦ᠂ ᠡᠮᠡᠭᠲᠡᠶᠢᠴᠦᠳ ᠦᠨ ᠰᠠᠷ᠎ᠠ ᠶᠢᠨ ᠭᠬᠢᠷ ᠢ  ᠰᠠᠮᠠᠭᠤᠷᠠᠭᠤᠯᠤᠨ᠎ᠡ᠃

ᠬᠡᠷᠪᠡ ᠨᠢᠭᠡ ᠵᠢᠯ ᠡᠴᠡ ᠳᠡᠭᠡᠭᠰᠢ  ᠰᠦᠨᠢ ᠲᠦᠯᠢᠪᠡᠯ ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ᠂ ᠵᠢᠷᠦᠬᠡᠨ ᠡᠪᠡᠳᠴᠢᠨ ᠮᠡᠲᠦ ᠶᠢᠨ ᠡᠷᠬᠡᠲᠡᠨ ᠦ ᠮᠠᠬᠠᠪᠣᠳ ᠤᠨ ᠴᠢᠨᠠᠷᠲᠠᠶ ᠡᠪᠡᠳᠴᠢᠨ ᠳᠦ ᠨᠡᠷᠪᠡᠭᠳᠡᠵᠦ ᠮᠡᠳᠡᠨ᠎ᠡ᠂ ᠴᠢᠨᠠᠭᠰᠢᠯᠠᠪᠠᠯ ᠬᠠᠪᠤᠳᠠᠷ᠂ ᠭᠡᠨᠡᠳᠲᠡ ᠪᠡᠷ ᠦᠬᠦᠬᠦ ᠵᠡᠷᠭᠡ ᠡᠪᠡᠳᠴᠢᠨ ᠳᠦ ᠨᠡᠷᠪᠡᠭᠳᠡᠵᠦ ᠮᠡᠳᠡᠨ᠎ᠡ᠃

ᠬᠡᠷᠬᠢᠨ  ᠰᠦᠨᠢ ᠲᠦᠯᠢᠬᠦ ᠡᠴᠡ ᠵᠠᠶᠢᠯᠠᠰᠬᠢᠬᠦ ᠪᠤᠢ︖ ᠲᠤᠰᠬᠠᠢ ᠮᠡᠷᠭᠡᠵᠢᠯᠳᠡᠨ ᠡᠴᠡ ᠰᠠᠨᠠᠭᠤᠯᠬᠤ ᠳᠠᠭᠠᠨ᠂ ᠤᠨᠲᠠᠬᠤ ᠠᠴᠠ ᠪᠠᠨ ᠬᠣᠶᠠᠷ ᠴᠠᠭ ᠤᠨ ᠡᠮᠦᠨ᠎ᠡ ᠰᠢᠷᠦᠭᠦᠨ ᠬᠥᠳᠡᠯᠭᠡᠭᠡᠨ ᠬᠢᠬᠦ ᠡᠴᠡ ᠵᠠᠶᠢᠯᠠᠰᠬᠢᠬᠦ ᠬᠡᠷᠡᠭᠲᠡᠶ ᠂ ᠢᠳᠡᠵᠦ ᠤᠸᠭᠤᠬᠤ ᠪᠤᠶᠤ ᠶᠡᠬᠡ ᠬᠡᠮᠵᠢᠶᠡᠨ ᠦ ᠤᠰᠤ ᠤᠸᠭᠤᠵᠤ ᠪᠣᠯᠬᠤ ᠥᠬᠡᠶ ᠭᠡᠵᠡᠶ ᠃ ᠬᠥᠯ ᠢᠶᠡᠨ ᠳᠡᠪᠲᠦᠭᠡᠵᠦ᠂ ᠳᠠᠭᠤᠤ ᠬᠥᠭᠵᠢᠮ ᠰᠣᠨᠣᠰᠴᠤ ᠪᠣᠯᠤᠨ᠎ᠠ᠂ ᠣᠷᠣ ᠳᠡᠭᠡᠷ᠎ᠡ ᠪᠡᠨ ᠬᠡᠪᠲᠡᠬᠦ ᠳᠡᠭᠡᠨ ᠭᠠᠷ ᠤᠲᠠᠰᠤ ᠵᠡᠷᠭᠡ ᠡᠯᠧᠺᠲ᠋ᠷᠣᠨ ᠲᠥᠬᠥᠭᠡᠷᠦᠮᠵᠢ ᠶᠢ ᠦᠵᠡᠬᠦ ᠦᠭᠡᠢ ᠪᠣᠯ ᠳᠠᠷᠤᠶ ᠲᠦᠷᠭᠡᠨ ᠤᠨᠲᠠᠬᠤ ᠳᠤ ᠠᠰᠢᠭᠲᠠᠶ ᠶᠤᠮ᠃


ᠢᠷᠡᠯᠳᠡ : 

ᠲᠤᠰ ᠰᠦᠯᠵᠢᠶ᠎ᠡ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ