2.jpg

4 ᠰᠠᠷ᠎ᠠ ᠶᠢᠨ 20 ᠤ ᠡᠳᠦᠷ ᠠᠴᠠ 4 ᠰᠠᠷ᠎ᠠ ᠶᠢᠨ 22 ᠤᠨ ᠡᠳᠦᠷ ᠪᠣᠯᠲᠠᠯ᠎ᠠ᠂ 2023 ᠣᠨ ᠤ ᠪᠥᠬᠦ ᠤᠯᠤᠰ ᠤᠨ ᠣᠯᠠᠨ ᠤᠯᠤᠰ ᠤᠨ ᠮᠠᠶ᠋ᠢᠭ ᠤᠨ ᠪᠥᠬᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠤ ᠡᠷᠡᠭᠲᠡᠢ ᠶᠢᠨ ᠴᠢᠯᠦᠭᠡᠲᠦ ᠮᠠᠶ᠋ᠢᠭ ᠤᠨ ᠪᠥᠬᠡ ᠶᠢᠨ ᠤᠷᠤᠯᠳᠤᠭᠠᠨ ᠵᠧᠵᠢᠶᠠᠩ ᠮᠤᠵᠢ ᠶᠢᠨ ᠸᠧᠨᠵᠸᠤ ᠬᠤᠲᠠ ᠳᠤ ᠶᠠᠪᠤᠭᠳᠠᠵᠤ᠂ ᠪᠥᠬᠦ ᠤᠯᠤᠰ ᠤᠨ 58 ᠮᠤᠵᠢ (ᠬᠤᠲᠠ᠂ ᠥᠪᠡᠷᠲᠡᠭᠡᠨ ᠵᠠᠰᠠᠬᠤ ᠣᠷᠣᠨ) ᠪᠣᠯᠣᠨ ᠠᠵᠢᠯ ᠲᠥᠷᠥᠯ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ 549 ᠲᠠᠮᠢᠷᠴᠢᠨ ᠤᠷᠤᠯᠳᠤᠭᠠᠨ ᠳᠤ ᠣᠷᠣᠯᠴᠠᠵᠠᠢ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ  24  ᠲᠠᠮᠢᠷᠴᠢᠨ  ᠲᠣᠮᠢᠯᠠᠨ  10  ᠳᠡᠰ  ᠤᠨ  ᠪᠦᠬᠦ  ᠤᠷᠤᠯᠳᠤᠭᠠᠨ  ᠳᠤ ᠣᠷᠣᠯᠴᠠᠭᠤᠯᠵᠠᠢ᠃    3 ᠡᠳᠦᠷ ᠤᠨ ᠰᠢᠷᠦᠭᠦᠨ ᠥᠷᠢᠰᠦᠯᠳᠦᠭᠡᠨ ᠢᠶᠠᠷ ᠳᠡᠮᠵᠢᠨ᠂ ᠥᠪᠥᠷ ᠮᠣᠩᠭᠤᠯ ᠤᠨ ᠠᠩᠭᠢ ᠭᠤᠷᠪᠠᠨ ᠠᠯᠲᠠᠨ ᠮᠧᠳᠠᠯ᠂ ᠬᠤᠶᠠᠷ ᠮᠥᠩᠭᠦᠨ ᠮᠧᠳᠠᠯ᠂ ᠨᠢᠭᠡ ᠬᠦᠷᠡᠯ ᠮᠧᠳᠠᠯ ᠤᠯᠵᠦ᠂ ᠨᠢᠭᠡ ᠲᠠᠮᠢᠷᠴᠢᠨ ᠲᠠᠪᠤᠳᠤᠭᠠᠷ ᠲᠤ ᠣᠷᠣᠵᠤ᠂ ᠭᠤᠷᠪᠠᠨ ᠲᠠᠮᠢᠷᠴᠢᠨ ᠳᠣᠯᠣᠳᠤᠭᠠᠷ ᠲᠤ ᠣᠷᠣᠵᠤ᠂ 10 ᠲᠠᠮᠢᠷᠴᠢᠨ ᠡᠮᠦᠨ᠎ᠡ ᠨᠠᠢᠮᠠᠳᠤᠭᠠᠷ ᠲᠤ ᠣᠷᠣᠵᠤ᠂ ᠪᠡᠶ᠎ᠡ ᠶᠢᠨ ᠲᠠᠮᠢᠷ ᠤᠨ ᠶᠣᠰᠣ ᠮᠣᠷᠠᠯ ᠬᠡᠪ ᠰᠤᠷᠲᠠᠯ ᠤᠨ ᠱᠠᠩᠨᠠᠯ ᠢ ᠭᠥᠷᠳᠡᠪᠡ᠃    

ᠡᠭᠦᠨ ᠳᠤ᠂ ᠭᠠᠩᠰᠦ᠋ᠬᠡ 86KG ᠲᠠᠰ ᠤᠨ ᠮᠠᠩᠯᠠᠢ᠂ ᠠᠯᠳᠠᠠᠭᠠᠷᠤᠳᠢ 97KG ᠲᠠᠰ ᠤᠨ ᠮᠠᠩᠯᠠᠢ᠂ ᠳᠤᠭᠳᠤᠨᠪᠠᠶᠠᠷ 65KG ᠲᠠᠰ ᠤᠨ ᠮᠠᠩᠯᠠᠢ ᠳᠤ ᠰᠢᠯᠭᠠᠷᠠᠵᠤ᠂ ᠪᠠᠳᠤᠴᠡᠩᠬᠡᠯ 74KG ᠲᠠᠰ ᠤᠨ ᠳᠡᠳ᠋ ᠲᠤ ᠰᠢᠯᠭᠠᠷᠠᠵᠤ᠂ ᠪᠠᠶᠠᠡᠷᠬᠡᠳᠦ 70 KG ᠲᠠᠰ ᠤᠨ ᠭᠤᠷᠪᠠᠳᠤᠭᠠᠷ ᠲᠤ ᠰᠢᠯᠭᠠᠷᠠᠵᠤ᠂ ᠴᠤᠯᠮᠤᠨ 79KG ᠲᠠᠰ ᠤᠨ ᠲᠠᠪᠤᠳᠤᠭᠠᠷ ᠲᠤ ᠰᠢᠯᠭᠠᠷᠠᠵᠤ᠂ ᠬᠠᠩᠭᠠᠢ 86KG ᠲᠠᠰ ᠤᠨ ᠳᠣᠯᠣᠳᠤᠭᠠᠷ ᠲᠤ ᠰᠢᠯᠭᠠᠷᠠᠵᠤ᠂ ᠬᠦᠪᠴᠢᠨ 125KG ᠲᠠᠰ ᠤᠨ ᠳᠣᠯᠣᠳᠤᠭᠠᠷ ᠲᠤ ᠰᠢᠯᠭᠠᠷᠠᠵᠠᠢ᠃

ᠢᠷᠡᠯᠳᠡ : 

ᠲᠤᠰ ᠰᠦᠯᠵᠢᠶ᠎ᠡ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ