ᠬᠦᠮᠦᠨ ᠠᠮᠠ ᠶᠢᠨ ᠨᠠᠰᠤᠵᠢᠯ ᠤᠨ ᠲᠦᠷᠭᠡᠳᠬᠦ ᠶᠢ ᠲᠠᠭᠠᠯᠳᠤᠨ ᠮᠠᠨ ᠤ ᠤᠯᠤᠰ ᠤᠨ ᠡᠷᠡᠬᠦᠯ ᠮᠡᠨᠳᠤ ᠶᠢᠨ ᠦᠢᠯᠡᠴᠢᠯᠡᠬᠡ ᠦᠷᠨᠢᠨ ᠬᠦᠭ᠍ᠵᠢᠵᠤ᠂ ᠢᠷᠭᠡᠳ ᠤᠨ ᠬᠢᠳᠠᠳ ᠡᠮ ᠡᠮᠨᠡᠯᠬᠡ ᠶᠢᠨ ᠦᠢᠯᠡᠴᠢᠯᠡᠬᠡᠨ ᠤ ᠱᠠᠭᠠᠷᠳᠠᠯᠭ᠎ᠠ ᠤᠯᠠᠮ ᠢᠶᠡᠷ ᠤᠯᠠᠰᠢᠷᠠᠪᠠ᠃ ᠰᠤᠷᠪᠤᠯᠵᠢᠯᠠᠭᠴᠢ 15 ᠤ ᠡᠳᠤᠷ ᠤᠯᠤᠰ ᠤᠨ ᠬᠢᠳᠠᠳ ᠡᠮ ᠡᠮᠨᠡᠯᠬᠡ ᠶᠢᠨ ᠬᠠᠮᠢᠶᠠᠷᠤᠯᠳᠠ ᠶᠢᠨ ᠲᠤᠪᠴᠢᠶᠠᠨ ᠡᠴᠡ ᠤᠶᠢᠯᠠᠭᠠᠭᠰᠠᠨ ᠢᠶᠡᠷ᠂ ᠤᠳᠤᠬᠠᠨ ᠳᠤ ᠮᠠᠨ ᠤ ᠤᠯᠤᠰ ᠤᠨ ᠬᠢᠳᠠᠳ ᠡᠮᠨᠡᠯᠬᠡ ᠳᠤ ᠡᠮᠴᠢᠯᠡᠬᠦᠯᠵᠤ ᠪᠠᠶᠢᠭ᠎ᠠ ᠬᠦᠮᠦᠨ ᠲᠠᠪᠬᠤᠷᠳᠠᠭᠰᠠᠨ ᠲᠤᠭ᠎ᠠ ᠪᠡᠷ 4.38 ᠳ᠋ᠦ᠋ᠩᠰᠢᠭᠤᠷ ᠲᠤ ᠬᠦᠷᠴᠦ᠂ ᠤᠯᠤᠰ ᠲᠠᠶᠠᠭᠠᠷ ᠤᠨ ᠡᠮᠨᠡᠯᠬᠡ ᠳᠤ ᠡᠮᠴᠢᠯᠡᠬᠦᠯᠵᠤ ᠪᠠᠶᠢᠭ᠎ᠠ ᠶᠡᠷᠦᠩᠬᠡᠢ ᠬᠡᠮᠵᠢᠶᠡᠨ ᠤ 17.5% ᠶ᠋ᠢ ᠡᠵᠡᠯᠡᠵᠤ᠂ ᠬᠢᠳᠠᠳ ᠡᠮ ᠡᠮᠨᠡᠯᠬᠡ ᠶᠢᠨ ᠦᠢᠯᠡᠴᠢᠯᠡᠬᠡᠨ ᠤ ᠴᠢᠳᠠᠮᠵᠢ ᠢᠯᠡᠷᠬᠡᠢ ᠲᠡᠭᠡᠭ᠍ᠰᠢᠯᠡᠵᠤ ᠪᠠᠶᠢᠨ᠎ᠠ᠃

 2017 ᠤᠨ ᠤ 7 ᠰᠠᠷ᠎ᠠ ᠶᠢᠨ 1 ᠤ ᠡᠳᠤᠷ ᠡᠴᠡ ᠬᠢᠳᠠᠳ ᠡᠮ ᠤᠨ ᠬᠠᠤᠯᠢ ᠶᠢ ᠠᠯᠪᠠᠨ ᠶᠤᠰᠤᠭᠠᠷ ᠬᠡᠷᠡᠭᠵᠢᠬᠦᠯᠵᠤ᠂ ᠤᠯᠤᠰ ᠡᠴᠡ ᠬᠢᠳᠠᠳ ᠡᠮ ᠡᠮᠨᠡᠯᠬᠡ ᠶᠢᠨ ᠦᠢᠯᠡᠴᠢᠯᠡᠬᠡᠨ ᠤ ᠰᠢᠰᠲ᠋ᠧᠮ ᠪᠠᠶᠢᠭᠤᠯᠬᠤ ᠶᠢ ᠴᠢᠩᠭᠠᠳᠬᠠᠵᠤ᠂ ᠬᠢᠳᠠᠳ ᠡᠮ ᠡᠮᠨᠡᠯᠬᠡ ᠶᠢᠨ ᠦᠢᠯᠡᠴᠢᠯᠡᠬᠡᠨ ᠤ ᠡᠬᠢ ᠰᠤᠷᠪᠤᠯᠵᠢ ᠶᠢ ᠵᠤᠬᠢᠰᠲᠠᠢ ᠲᠦᠯᠦᠪᠯᠡᠨ ᠲᠤᠬᠢᠷᠠᠭᠤᠯᠵᠤ᠂ ᠢᠷᠭᠡᠳ ᠲᠤ ᠬᠢᠳᠠᠳ ᠡᠮ ᠡᠮᠨᠡᠯᠬᠡ ᠶᠢᠨ ᠦᠢᠯᠡᠴᠢᠯᠡᠬᠡᠨ ᠤ ᠪᠠᠳᠤᠯᠠᠭ᠎ᠠ ᠬᠠᠩᠭᠠᠨ᠎ᠠ᠃

 ᠤᠯᠤᠰ ᠤᠨ ᠡᠷᠡᠬᠦᠯ ᠬᠠᠮᠠᠭᠠᠯᠠᠯ ᠲᠦᠯᠦᠪᠯᠡᠬᠡᠳᠤ ᠦᠷᠡᠵᠢᠯ ᠤᠨ ᠵᠦᠪᠯᠡᠯ ᠤᠨ ᠲᠡᠳ᠋ ᠲᠠᠷᠤᠭ᠎ᠠ᠂ ᠤᠯᠤᠰ ᠤᠨ ᠬᠢᠳᠠᠳ ᠡᠮ ᠡᠮᠨᠡᠯᠬᠡ ᠶᠢᠨ ᠬᠠᠮᠢᠶᠠᠷᠤᠯᠳᠠ ᠶᠢᠨ ᠲᠤᠪᠴᠢᠶᠠᠨ ᠤ ᠲᠠᠷᠤᠭ᠎ᠠ ᠸᠠᠩ ᠬᠦᠸᠸ ᠴᠢᠶᠠᠩ ᠲᠤᠬᠠᠢ ᠶᠢᠨ ᠡᠳᠤᠷ ᠵᠤᠬᠢᠶᠠᠨ ᠪᠠᠶᠢᠭᠤᠯᠤᠭᠰᠠᠨ 2018 ᠤᠨ ᠤ ᠤᠯᠤᠰ ᠲᠠᠶᠠᠭᠠᠷ ᠤᠨ ᠬᠢᠳᠠᠳ ᠡᠮ ᠡᠮᠨᠡᠯᠬᠡ ᠶᠢᠨ ᠠᠵᠢᠯ ᠤᠨ ᠬᠤᠷᠠᠯ ᠲᠡᠭᠡᠷ᠎ᠡ᠂ ᠡᠮᠨᠡᠯᠬᠡ ᠶᠢᠨ ᠦᠬᠡᠷᠡᠴᠢᠯᠡᠯᠳᠡ ᠶᠢᠨ ᠠᠵᠢᠯ ᠤᠨ ᠬᠦᠨᠵᠡᠬᠡᠶᠢᠷᠡᠬᠦ ᠵᠡᠷᠬᠡ ᠴᠤᠪᠤᠷᠠᠯ ᠠᠵᠢᠯ ᠤᠨ ᠠᠬᠢᠴᠠ ᠶᠢᠨ ᠲᠦᠷᠭᠡᠳᠬᠡᠬᠦ ᠶᠢ ᠲᠠᠭᠠᠯᠳᠤᠨ᠂ ᠮᠠᠨ ᠤ ᠤᠯᠤᠰ ᠤᠨ ᠬᠢᠳᠠᠳ ᠡᠮ ᠡᠮᠨᠡᠯᠬᠡ ᠶᠢᠨ ᠦᠢᠯᠡᠴᠢᠯᠡᠬᠡᠨ ᠤ ᠴᠢᠳᠠᠮᠵᠢ ᠢᠯᠡᠷᠬᠡᠢ ᠪᠤᠯᠵᠤ ᠪᠠᠶᠢᠨ᠎ᠠ᠃ 2017 ᠤᠨ ᠤ 9 ᠰᠠᠷ᠎ᠠ ᠪᠤᠯᠳᠠᠯ᠎ᠠ᠂ ᠮᠠᠨ ᠤ ᠤᠯᠤᠰ ᠤᠨ ᠬᠢᠳᠠᠳ ᠡᠮᠨᠡᠯᠬᠡ ᠡᠴᠡ ᠭᠠᠷᠤᠭᠰᠠᠨ ᠬᠦᠮᠦᠨ ᠤ ᠲᠠᠪᠬᠤᠷᠳᠠᠭᠰᠠᠨ ᠲᠤᠭ᠎ᠠ 2037.7 ᠲᠦᠮᠡ ᠳᠤ ᠬᠦᠷᠴᠦ᠂ ᠤᠯᠤᠰ ᠲᠠᠶᠠᠭᠠᠷ ᠤᠨ ᠡᠮᠨᠡᠯᠬᠡ ᠶᠢᠨ ᠶᠡᠷᠦᠩᠬᠡᠢ ᠬᠡᠮᠵᠢᠶᠡᠨ ᠤ 15.0% ᠶ᠋ᠢ ᠡᠵᠡᠯᠡᠵᠡᠢ ᠬᠡᠵᠤ ᠶᠠᠷᠢᠪᠠ᠃ 



ᠢᠷᠡᠯᠳᠡ : 

 ᠰᠢᠨᠬᠤᠸᠠ ᠬᠤᠷᠢᠶ᠎ᠠ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ