ᠤᠢᠢᠷ᠎ᠠ ᠶᠢᠨ ᠡᠳᠤᠷ ᠬᠦᠬᠡᠬᠤᠳᠠ ᠶᠢᠨ ᠪᠡᠶ᠎ᠠ ᠶᠢᠨ ᠲᠠᠮᠢᠷ ᠤᠨ ᠲᠤᠪᠴᠢᠶ᠎ᠠ ᠬᠢᠬᠡᠳ ᠪᠡᠬᠡᠵᠢᠩ ᠤᠨ ᠯᠢᠩ ᠢᠤᠢ ᠤᠯᠠᠨ ᠤᠯᠤᠰ ᠤᠨ ᠰᠤᠶᠤᠯ ᠵᠠᠭᠤᠴᠢᠯᠠᠭᠤᠷ ᠤᠨ ᠬᠢᠵᠠᠭᠠᠷᠳᠤ ᠺᠤᠮᠫᠠᠨᠢ ᠶᠢᠨ ᠬᠢᠨ ᠬᠠᠮᠳᠤᠷᠠᠵᠤ᠂ ᠲᠠᠪᠤᠨ ᠬᠦᠮᠦᠨ ᠤᠲᠦᠷᠢᠮᠳᠤ ᠬᠦᠯ ᠪᠦᠮᠪᠦᠭᠡ ᠶᠢᠨ ᠬᠡᠳᠦ ᠲᠡᠰ ᠤᠨ ᠬᠤᠯᠪᠤᠭᠠᠳᠤ ᠤᠷᠤᠯᠳᠤᠭᠠᠨ ᠤ ᠬᠦᠬᠡᠬᠤᠳᠠ ᠦᠷᠳᠡᠭᠡ ᠶᠢ  ᠪᠠᠢᠭᠤᠯᠬᠤ ᠬᠠᠮᠳᠤᠷᠠᠯᠴᠠᠭ᠎ᠠ ᠳᠤ ᠭᠠᠷ ᠤᠨ ᠦᠰᠦᠭ ᠵᠢᠷᠤᠬᠤ ᠶᠤᠰᠤᠯᠠᠯ ᠦᠪᠦᠷ ᠮᠤᠩᠭᠤᠯ ᠤᠨ ᠤᠯᠠᠨ ᠤᠯᠤᠰ ᠤᠨ ᠦᠵᠡᠰᠬᠦᠯᠡᠩ ᠤᠨ ᠲᠦᠪ ᠲᠤ ᠶᠠᠪᠤᠭᠳᠠᠪᠠ᠃ ᠡᠨᠡ ᠨᠢ ᠲᠤᠮᠳᠠᠳᠤ ᠤᠯᠤᠰ ᠤᠨ ᠲᠠᠪᠤᠨ ᠬᠦᠮᠦᠨ ᠤ ᠲᠦᠷᠢᠮᠳᠤ ᠬᠦᠯ ᠪᠦᠮᠪᠦᠭᠡ ᠶᠢᠨ ᠬᠠᠮᠤᠭ ᠤᠨ ᠦᠨᠳᠦᠷ ᠲᠡᠰ ᠤᠨᠬᠤᠯᠪᠤᠭᠠᠳᠤ ᠤᠷᠤᠯᠳᠤᠭᠠᠨ ᠬᠦᠬᠡᠬᠤᠳᠠ ᠶᠢᠨ ᠪᠦᠮᠪᠦᠬᠡᠨ ᠪᠠᠭ᠋ᠠᠳᠠᠳ ᠤᠨ ᠲᠡᠷᠬᠡᠳᠠ ᠬᠦᠷᠴᠤ ᠢᠷᠡᠭᠰᠡᠡ ᠢ ᠬᠠᠷᠠᠭᠤᠯᠵᠤ ᠪᠤᠢ᠃

 ᠦᠢᠷ᠎ᠠ ᠶᠢᠨ ᠵᠢᠯ ᠳᠤ᠂ ᠬᠦᠬᠡᠬᠤᠳᠠ ᠶᠢᠨ ᠬᠦᠯ ᠪᠦᠮᠪᠦᠭᠡ ᠶᠢᠨ ᠦᠢᠯᠡᠰ ᠤᠨ ᠬᠦᠭᠵᠢᠯᠳᠠ ᠶᠢᠨ ᠬᠦᠨᠵᠡᠬᠡᠶᠢᠷᠡᠬᠦ ᠶᠢ ᠲᠠᠭᠠᠯᠳᠤᠨ᠂ ᠲᠤᠮᠤ ᠬᠡᠯᠪᠡᠷᠢ ᠶᠢᠨ ᠮᠡᠷᠬᠡᠵᠢᠯ ᠤᠨ ᠤᠷᠤᠯᠳᠤᠭᠠᠨ ᠢ ᠵᠤᠬᠢᠶᠠᠨ ᠪᠠᠶᠢᠭᠤᠯᠬᠤ᠂ ᠨᠡᠷᠡᠲᠤ ᠲᠡᠮᠳᠡᠭᠳᠤ ᠵᠠᠯᠠᠭᠤᠴᠤᠳ ᠤᠨ ᠪᠤᠯᠪᠠᠰᠤᠷᠠᠯ ᠢᠡᠬᠦᠳᠬᠦ᠂ ᠨᠡᠶᠢᠬᠡᠮ ᠤᠨ ᠬᠦᠯ ᠪᠦᠮᠪᠦᠭᠡ ᠶᠢᠨ ᠬᠦᠭᠵᠢᠯᠳᠠ ᠵᠡᠷᠬᠡ ᠬᠦᠷᠢᠶ᠎ᠠ ᠴᠠᠷᠠᠭᠠᠨ ᠳᠤ ᠮᠦᠨ ᠮᠠᠰᠢ ᠶᠡᠭᠡ ᠬᠦᠭᠵᠢᠯᠳᠠ ᠲᠠᠪᠰᠢᠯᠳᠠ ᠶᠢᠨ ᠤᠷᠤᠨ ᠵᠠᠢ ᠤᠷᠤᠰᠢᠬᠰᠠᠭᠠᠷ᠃

 ᠬᠦᠬᠡᠬᠤᠳᠠ ᠶᠢᠨ ᠪᠡᠶ᠎ᠠ ᠶᠢᠨ ᠲᠠᠮᠢᠷ ᠤᠨ ᠲᠤᠪᠴᠢᠶ᠎ᠠ ᠬᠢᠬᠡᠳ ᠯᠢᠩ ᠢᠦᠢ ᠺᠤᠮᠫᠠᠨᠢ ᠶᠢᠨ ᠲᠤᠰ ᠤᠳᠠᠭ᠎ᠠ ᠶᠢᠨ ᠬᠠᠮᠳᠤᠷᠠᠯᠴᠠᠭ᠎ᠠ ᠨᠢ ᠲᠠᠪᠤᠨ ᠬᠦᠮᠦᠨ ᠤ ᠲᠦᠷᠢᠮᠳᠤ ᠬᠦᠯ ᠪᠦᠮᠪᠦᠭᠡ ᠶᠢᠨ ᠬᠡᠳᠦ ᠲᠡᠰ  ᠤᠨ ᠬᠤᠯᠪᠤᠭᠠᠳᠤ ᠤᠷᠤᠯᠳᠤᠭᠠᠨ ᠤ ᠰᠢᠷᠦᠭᠦᠨ ᠮᠦᠷᠦ᠋ᠢᠴᠡᠭᠡᠨ ᠢ ᠬᠦᠬᠡᠬᠤᠳᠠ ᠶᠢᠨ ᠪᠦᠮᠪᠦᠬᠡᠨ ᠪᠠᠭ᠋ᠠᠳᠠᠳ ᠲᠤ ᠠᠪᠴᠢᠷᠠᠬᠤ  ᠡᠴᠨ ᠭᠠᠳᠠᠨ᠎ᠠ᠂ ᠪᠠᠰᠠ ᠲᠠᠪᠤᠨ ᠬᠦᠮᠦᠨ ᠤ ᠲᠦᠷᠢᠮᠳᠤ ᠬᠦᠯ ᠪᠦᠮᠪᠦᠭᠡ ᠶᠢᠨ ᠮᠡᠷᠬᠡᠵᠢᠯ ᠤᠨ ᠪᠤᠯᠪᠠᠰᠤᠷᠠᠯ ᠢ ᠪᠦᠬᠦ ᠲᠠᠯ᠎ᠠ ᠪᠠᠷ ᠦᠷᠨᠢᠬᠦᠯᠬᠦ ᠂ ᠲᠠᠪᠤᠨ ᠬᠦᠮᠦᠨ ᠤ ᠲᠦᠷᠢᠮᠳᠤ ᠬᠦᠯ ᠪᠦᠮᠪᠦᠭᠡ ᠶᠢᠨ ᠵᠠᠯᠠᠭᠤᠴᠤᠳ ᠤᠨ ᠪᠤᠯᠪᠠᠰᠤᠷᠠᠯ ᠤᠨ ᠰᠢᠯᠢᠳᠡᠭ ᠨᠡᠷᠡᠲᠤ ᠲᠡᠮᠳᠡᠭ ᠢ ᠡᠬᠦᠳᠬᠦ᠂ ᠨᠡᠶᠢᠬᠡᠮ ᠤᠨ ᠲᠠᠪᠤᠨ ᠬᠦᠮᠦᠨ ᠤ ᠲᠦᠷᠢᠮᠳᠤ ᠬᠦᠯ ᠪᠦᠮᠪᠦᠭᠡ ᠶᠢᠨ ᠬᠦᠭᠵᠢᠯᠳᠠ ᠵᠡᠷᠬᠡ ᠲᠦᠷᠦᠯ ᠵᠦᠢᠯ ᠳᠤ ᠪᠦᠬᠦ ᠲᠠᠯ᠎ᠠ ᠪᠡᠷ ᠬᠠᠮᠳᠤᠷᠠᠯᠴᠠᠵᠤ᠂ ᠬᠦᠬᠡᠬᠤᠳᠠ ᠶᠢ ᠦᠪᠦᠷ ᠮᠤᠩᠭᠤᠯ ᠤᠨ ᠲᠠᠪᠤᠨ ᠬᠦᠮᠦᠨ ᠤ ᠲᠦᠷᠢᠮᠳᠤ ᠬᠦᠯ ᠪᠦᠮᠪᠦᠭᠡ ᠶᠢᠨ ᠬᠦᠭᠵᠢᠯᠳᠠ  ᠶᠢᠨ ᠵᠠᠭᠪᠤᠷ ᠪᠤᠯᠤᠨ ᠤᠮᠠᠷᠠᠳᠤ ᠶᠢᠨ ᠲᠠᠪᠤᠨ ᠬᠦᠮᠦᠨ ᠤ ᠲᠦᠷᠢᠮᠳᠤ ᠬᠦᠯ ᠪᠦᠮᠪᠦᠭᠡ ᠶᠢᠨ ᠲᠦᠪ ᠪᠤᠯᠭᠠᠨ ᠪᠠᠶᠢᠭᠤᠯᠵᠤ᠂ ᠤᠷᠤᠨ ᠤ ᠳᠤᠳᠤᠭᠠᠳᠤ ᠭᠠᠳᠠᠭᠠᠳᠤ ᠳᠠᠭᠠᠨ ᠨᠡᠯᠢᠶᠡᠳ ᠨᠡᠷ᠎ᠠ ᠠᠯᠳᠠᠷᠰᠢᠬᠰᠠᠠ ᠲᠠᠪᠤᠨ ᠬᠦᠮᠦᠨ ᠤ ᠲᠦᠷᠢᠮᠳᠤ ᠬᠦᠯ ᠪᠦᠮᠪᠦᠭᠡ ᠶᠢᠨ ᠺᠯᠦ᠋ᠪ ᠢ ᠬᠦᠮᠦᠵᠢᠬᠦᠯᠤᠨ᠂ ᠬᠦᠬᠡᠬᠤᠳᠠ ᠳᠤ ︽ᠦᠪᠡᠷᠮᠢᠴᠠ ᠤᠨᠴᠠᠯᠢᠬᠳᠤ ᠲᠠᠪᠤᠨ ᠬᠦᠮᠦᠨ ᠤ ᠲᠦᠷᠢᠮᠳᠤ ᠬᠦᠯ ᠪᠦᠮᠪᠦᠭᠡ︾ ᠶᠢᠨ ᠴᠤ᠋ ᠰᠢᠨ᠎ᠠ ᠨᠡᠷ᠎ᠠ  ᠶᠢᠨ ᠬᠠᠭᠤᠳᠠᠰᠤ ᠶᠢ ᠡᠬᠦᠳᠬᠦ ᠪᠠᠷ ᠪᠤᠢ᠃

 ᠲᠤᠰ ᠤᠳᠠᠭ᠎ᠠ ᠶᠢᠨ ᠬᠠᠮᠳᠤᠷᠠᠯᠴᠠᠭ᠎ᠠ ᠨᠢ ᠬᠦᠬᠡᠬᠤᠳᠠ ᠶᠢᠨ ᠬᠦᠯ ᠪᠦᠮᠪᠦᠭᠡ ᠶᠢᠨ ᠬᠦᠳᠡᠯᠬᠡᠬᠡᠨ ᠤ ᠬᠦᠭᠵᠢᠯᠳᠠ ᠶᠢᠨ ᠠᠬᠢᠭᠤᠯᠬᠤ ᠳᠤ ᠲᠦᠯᠬᠢᠴᠠ ᠦᠢᠯᠡᠳᠦᠯ ᠦᠵᠡᠬᠦᠯᠵᠤ᠂ ᠡᠴᠦᠰ ᠲᠡᠭᠡᠨ ᠲᠤᠮᠳᠠᠳᠤ ᠤᠯᠤᠰ ᠤᠨ ᠬᠦᠯ ᠪᠦᠮᠪᠦᠭᠡ ᠶᠢᠨ ᠦᠢᠯᠡᠰ ᠤᠨ ᠬᠦᠭᠵᠢᠯᠳᠠ ᠳᠤ ᠬᠦᠴᠦ ᠨᠡᠮᠡᠷᠢᠯᠡᠬᠦ ᠪᠤᠯᠤᠨ᠎ᠠ᠃


ᠢᠷᠡᠯᠳᠡ : 

    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ