ᠲᠦᠮᠡᠨ ᠪᠣᠳᠠᠰ ᠲᠦᠯᠵᠢᠨ ᠠᠮᠢᠯᠠᠭᠰᠠᠨ ᠰᠠᠶᠢᠬᠠᠨ ᠴᠠᠭ ᠢᠶᠠᠷ 2018 ᠣᠨ ᠤ ᠦᠪᠦᠷ ᠮᠣᠩᠭᠤᠯ ᠤᠨ ᠦᠪᠡᠷᠳᠡᠭᠡᠨ ᠵᠠᠰᠡᠬᠤ ᠣᠷᠣᠨ ᠤ ︽ᠠᠯᠪᠠᠨ ᠲᠣᠰᠢᠶᠠᠯᠲᠠᠨ ᠬᠤᠨᠳᠠᠭᠠᠲᠣ︾ ᠬᠥᠯ ᠪᠦᠮᠪᠦᠭᠡ ᠶᠢᠨ ᠺᠯᠦ᠋ᠪ ᠤᠨ ᠬᠤᠯᠪᠣᠭᠠᠳᠣ ᠣᠷᠣᠯᠳᠣᠭᠠᠨ ᠵᠢᠴᠢ《ᠲᠣᠮᠳᠠᠳᠣ ᠣᠯᠣᠰ ᠤᠨ ᠬᠥᠯ ᠪᠦᠮᠪᠦᠭᠡ ᠶᠢᠨ ᠬᠦᠭᠵᠢᠯᠲᠡ ᠶᠢᠨ ᠰᠠᠭᠤᠷᠢ ᠮᠦᠩᠭᠦ ᠶᠢᠨ ᠨᠡᠶᠢᠭᠡᠮᠯᠢᠭ ᠬᠤᠨᠳᠠᠭᠠᠲᠣ︾ ᠲᠤᠮᠳᠡᠳᠤ ᠣᠯᠣᠰ ᠤᠨ ᠠᠵᠢᠯᠲᠠᠨ ᠠᠵᠢᠯᠴᠢᠨ ᠤ ᠬᠥᠯ ᠪᠦᠮᠪᠦᠭᠡ ᠶᠢᠨ ᠬᠤᠯᠪᠣᠭᠠᠳᠣ ᠣᠷᠣᠯᠳᠣᠭᠠᠨ ᠤ ᠪᠡᠯᠡᠳᠭᠡᠯ ᠣᠷᠣᠯᠳᠣᠭᠠᠨ  ᠤ ᠡᠬᠢᠯᠡᠯᠲᠡ ᠶᠢᠨ ᠶᠣᠰᠣᠯᠠᠯ 5 ᠰᠠᠷ᠎ᠠ ᠶᠢᠨ 5 ᠤ ᠡᠳᠦᠷ ᠦᠪᠦᠷ ᠮᠤᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠬᠡ ᠰᠣᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠣᠷ ᠲᠤ ᠡᠬᠢᠯᠡᠪᠡ᠃

2018-05-07-465b355afa-13cb-48dd-87b7-0eef6d4bc336.png

 ᠡᠬᠢᠯᠡᠯᠲᠡ ᠶᠢᠨ ᠶᠣᠰᠣᠯᠠᠯ ᠨᠢ ᠣᠯᠣᠰ ᠤᠨ ᠲᠤᠭ ᠮᠠᠨᠳᠣᠭᠤᠯᠬᠤ ᠠᠶᠠᠰ ᠤᠨ ᠲᠣᠮᠲᠠ ᠡᠬᠢᠯᠡᠵᠦ᠂ ᠲᠠᠮᠢᠷᠴᠢᠳ ᠲᠠᠯᠠᠪᠠᠢ ᠳᠤ ᠣᠷᠣᠬᠤ᠂ ᠬᠥᠯ ᠪᠦᠮᠪᠦᠭᠡ ᠶᠢᠨ ᠲᠠᠮᠢᠷ ᠬᠢᠬᠦ᠂ ᠦᠨᠳᠦᠰᠦᠳᠡᠨ ᠤ ᠪᠦᠵᠢᠭ ᠪᠦᠵᠢᠭᠯᠡᠬᠦ᠂ ᠪᠦᠬᠡ ᠪᠠᠷᠢᠯᠳᠤᠬᠤ ᠵᠡᠷᠭᠡ ᠪᠠᠶᠠᠯᠢᠭ ᠠᠭᠤᠯᠭ᠎ᠠ ᠪᠠᠷ ᠶᠠᠪᠣᠭᠳᠠᠪᠠ᠃ ᠣᠷᠣᠯᠳᠣᠭᠠᠨ ᠳᠤ ᠦᠪᠦᠷ ᠮᠣᠩᠭᠤᠯ ᠤᠨ ᠨᠠᠮ ᠤᠨ ᠰᠣᠷᠭᠠᠭᠤᠯᠢ᠂ ᠦᠪᠦᠷ ᠮᠣᠩᠭᠤᠯ ᠤᠨ ᠲᠣᠳᠣᠭᠠᠳᠣ ᠶᠢ ᠬᠠᠮᠠᠭᠠᠯᠠᠬᠤ ᠲᠢᠩᠬᠢᠮ᠂ ᠦᠪᠦᠷ ᠮᠣᠩᠭᠤᠯ ᠤᠨ ᠪᠡᠶ᠎ᠡ ᠶᠢᠨ ᠲᠠᠮᠢᠷ ᠤᠨ ᠲᠣᠪᠴᠢᠶ᠎ᠠ᠂ ᠦᠪᠦᠷ ᠮᠣᠩᠭᠤᠯ ᠤᠨ ᠴᠠᠭ ᠠᠭᠤᠷ ᠤᠨ ᠲᠣᠪᠴᠢᠶ᠎ᠠ᠂ ᠦᠪᠦᠷ ᠮᠣᠩᠭᠤᠯ ᠤᠨ ᠡᠮᠨᠡᠯᠭᠡ ᠶᠢᠨ ᠬᠤᠷᠢᠶ᠎ᠠ ᠵᠡᠷᠭᠡ 14 ᠪᠠᠶᠢᠭᠤᠯᠣᠯᠭ᠎ᠠ ᠨᠢᠭᠡᠴᠡ ᠶᠢᠨ 300 ᠭᠠᠷᠤᠢ ᠲᠠᠮᠢᠷᠴᠢᠨ ᠣᠷᠣᠯᠴᠠᠪᠠ᠃

2018-05-07-39b5a7dbbb-6f31-467a-bed3-99f5b706725b.png

 ᠣᠷᠣᠯᠳᠣᠭᠠᠨ ᠢ 80 ᠮᠢᠨᠦ᠋ᠲ ︵ᠲᠡᠭᠡᠷ᠎ᠡ ᠲᠣᠣᠷ᠎ᠠ ᠬᠠᠭᠠᠰ ᠲᠠᠯᠠᠪᠠᠢ ᠲᠣᠰ ᠲᠣᠰ 40 ᠮᠢᠨᠦ᠋ᠲ ᠤᠨ ᠣᠷᠣᠯᠳᠣᠭᠠᠨ᠂ ᠣᠷᠣᠯᠳᠣᠭᠠᠨ ᠤ ᠲᠤᠮᠲᠠ ᠨᠢ 15 ᠮᠢᠨᠦ᠋ᠲ ᠠᠮᠠᠷᠠᠨ᠎ᠠ︶ ᠢᠶᠠᠷ ᠬᠢᠵᠠᠭᠠᠷᠯᠠᠵᠤ᠂ 11 ᠬᠦᠮᠦᠨ ᠤ ᠲᠦᠷᠢᠮᠲᠦ᠂ ᠲᠠᠩ ᠡᠷᠭᠢᠯᠲᠡ ᠶᠢᠨ ᠲᠥᠷᠢᠮ ᠢᠶᠠᠷ ᠨᠡᠶᠢᠲᠡ 91 ᠲᠠᠯᠠᠪᠠᠢ ᠲᠣᠬᠢᠷᠠᠭᠤᠯᠵᠤ᠂ 7 ᠰᠠᠷ᠎ᠠ ᠶᠢᠨ 28 ᠤ ᠡᠳᠦᠷ ︵ᠭᠠᠷᠠᠭ ᠤᠨ ᠵᠢᠷᠭᠤᠭᠠᠨ ᠪᠦᠷᠢ  ᠳᠤ ᠶᠠᠪᠤᠭᠳᠠᠨ᠎ᠠ︶ ᠪᠣᠯᠳᠠᠯ᠎ᠠ ᠦᠪᠦᠷ ᠮᠤᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠣᠷᠭᠠᠭᠤᠯᠢ ᠪᠣᠯᠣᠨ  ᠦᠪᠦᠷ ᠮᠤᠩᠭᠤᠯ ᠤᠨ ᠠᠵᠤ ᠦᠢᠯᠡᠳᠪᠦᠷᠢ ᠶᠢᠨ ᠶᠡᠭᠡ ᠰᠣᠷᠭᠠᠭᠤᠯᠢ ᠳᠤ ᠲᠣᠰ ᠲᠣᠰ ᠶᠠᠪᠣᠭᠳᠠᠭᠤᠯᠬᠤ ᠪᠤᠯᠤᠨ᠎ᠠ᠃ ᠠᠩᠬᠠᠨ ᠤ ᠲᠠᠯᠠᠪᠠᠢ ᠶᠢᠨ ᠣᠷᠣᠯᠳᠣᠭᠠᠨ ᠳᠤ ᠲᠣᠮᠳᠠᠳᠣ ᠣᠯᠣᠰ ᠤᠨ ᠨᠢᠭᠡᠳᠦᠭᠰᠡᠨ ᠬᠤᠯᠪᠣᠭ᠎ᠠ ᠶᠢᠨ ᠬᠦᠬᠡᠬᠤᠲᠠ ᠳᠠᠬᠢ ᠬᠤᠪᠢᠶᠠᠷᠢ ᠺᠣᠮᠫᠠᠨᠢ ᠶᠢᠨ ᠬᠦᠯ ᠪᠦᠮᠪᠦᠭᠡ ᠶᠢᠨ ᠠᠩᠭᠢ 3᠄ 1 ᠶᠢᠨ ᠬᠠᠷᠢᠴᠠᠯ ᠢᠶᠠᠷ ᠦᠪᠦᠷ ᠮᠣᠩᠭᠤᠯ ᠤᠨ ᠡᠮᠨᠡᠯᠭᠡ ᠶᠢᠨ ᠬᠤᠷᠢᠶ᠎ᠠ ᠶᠢᠨ ᠬᠥᠯ ᠪᠦᠮᠪᠦᠭᠡ ᠶᠢᠨ ᠠᠩᠭᠢ ᠶᠢ ᠢᠯᠠᠪᠠ᠃

2018-05-07-051689a8d3-bf62-4ac9-8ad1-e7c57ae69a69.png

 ᠲᠣᠰ ᠣᠳᠠᠭᠠᠨ ᠤ ᠣᠷᠣᠯᠳᠣᠭᠠᠨ ᠢ ᠲᠣᠮᠳᠠᠳᠣ ᠣᠯᠣᠰ ᠤᠨ ᠡᠪ ᠬᠠᠮᠳᠣ ᠨᠠᠮ ᠤᠨ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠣᠯᠭ᠎ᠠ ᠶᠢᠨ ᠠᠵᠢᠯ ᠤᠨ ᠬᠤᠷᠢᠶ᠎ᠠ ᠠᠴᠠ ᠭᠤᠤᠯᠯᠠᠨ ᠡᠷᠬᠢᠯᠡᠵᠦ᠂ ᠦᠪᠦᠷ ᠮᠤᠩᠭᠤᠯ ᠤᠨ ᠱᠡᠩ ᠢ ᠪᠡᠶ᠎ᠡ ᠶᠢᠨ ᠲᠠᠮᠢᠷ ᠤᠨ ᠬᠦᠭᠵᠢᠯᠲᠡ ᠶᠢᠨ ᠬᠢᠵᠠᠭᠠᠷᠳᠤ ᠺᠣᠮᠫᠠᠨᠢ ᠠᠴᠠ ᠲᠠᠭᠠᠭᠠᠴᠢᠯᠠᠨ ᠡᠷᠬᠢᠯᠡᠪᠡ᠃


ᠢᠷᠡᠯᠳᠡ : 

ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ