5ᠰᠠᠷ᠎ᠠ ᠶᠢᠨ 11 ᠤ ᠡᠳᠦᠷ᠂ ᠦᠪᠤᠷ ᠮᠤᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠠᠴᠠ ᠭᠤᠤᠯᠯᠠᠨᠡᠷᠬᠢᠯᠡᠵᠤ᠂ ᠦᠪᠡᠷᠳᠡᠭᠡᠨ ᠵᠠᠰᠠᠬᠤ ᠤᠷᠤᠨ ᠤ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠦᠪ ᠪᠡ ᠦᠪᠡᠷᠳᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠤᠷᠳᠤᠨ ᠠᠴᠠ ᠳᠠᠭᠠᠭᠠᠴᠢᠯᠠᠨ ᠡᠷᠬᠢᠯᠡᠭᠰᠡᠨ ᠠᠷᠪᠠᠨ ᠨᠠᠢᠮᠠᠳᠤᠭᠠᠷ ᠬᠤᠭᠤᠴᠠᠭᠠᠨ ᠤ ᠦᠪᠡᠷᠲᠡᠭᠡᠨ ᠵᠠᠰᠠᠬᠤ ᠤᠷᠤᠨ ᠤ ᠵᠠᠯᠠᠭᠤᠴᠤᠳ ᠪᠠᠭᠠᠴᠤᠳ ᠤᠨ ᠮᠠᠰᠢᠨ ᠬᠦᠮᠦᠨ ᠤ ᠤᠷᠤᠯᠳᠤᠭᠠᠨ ᠬᠦᠬᠡᠬᠤᠳᠠ ᠳᠤ ᠶᠡᠪᠤᠭᠳᠡᠪᠡ᠃
ᠦᠪᠡᠷᠲᠡᠭᠡᠨ ᠵᠠᠰᠠᠬᠤ ᠤᠷᠤᠨ ᠤ ᠵᠠᠯᠠᠭᠤᠴᠤᠳ ᠪᠠᠭᠠᠴᠤᠳ ᠤᠨ ᠮᠠᠰᠢᠨ ᠬᠦᠮᠦᠨ ᠤ ᠤᠷᠤᠯᠳᠤᠭᠠᠨ ᠨᠢ ᠪᠦᠬᠦ ᠤᠷᠤᠨ ᠤᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠬᠴᠢᠳ ᠲᠤ ᠬᠠᠨᠳᠤᠭᠤᠯᠤᠬᠰᠠᠨ ᠨᠢᠭᠡ ᠲᠦᠷᠦᠯ ᠤᠨ ᠮᠡᠳᠡᠯᠭᠡ ᠶᠢᠨ ᠬᠤᠷᠠᠮᠳᠤᠯ᠂ ᠂ᠷᠤᠠ ᠴᠢᠳᠡᠪᠦᠷᠢ ᠶᠢᠨ ᠪᠤᠯᠪᠠᠰᠤᠷᠠᠯ᠂ ᠰᠦᠪᠡᠭᠴᠢᠯᠡᠯᠳᠡ ᠶᠢᠨ ᠴᠢᠨᠠᠷᠳᠠᠢ ᠰᠤᠷᠤᠯᠴᠠᠯᠭ᠎ᠠ ᠶᠢ ᠨᠢᠭᠡ ᠴᠤᠬᠴᠠᠵᠢᠭᠤᠯᠤᠬᠰᠠᠨ ᠲᠦᠭᠡᠮᠡᠯᠵᠢᠬᠦᠯᠬᠦ ᠴᠢᠨᠠᠷᠳᠠᠢ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠪᠤᠯᠤᠨ᠎ᠠ᠃ ᠳᠤᠰ ᠤᠳᠠᠭ᠎ᠠ ᠶᠢᠨ ᠤᠷᠤᠯᠳᠤᠭᠠᠨ ᠳᠤ᠂ ᠪᠦᠬᠦ ᠤᠷᠤᠨ ᠤ 12 ᠠᠶᠢᠮᠠᠭ ᠬᠤᠳᠠ ᠶᠢᠨ 118 ᠳᠤᠮᠳᠠᠳᠤ ᠪᠠᠭ᠎ᠠ ᠰᠤᠷᠭᠠᠭᠤᠯᠢ ᠠᠴᠠ ᠰᠤᠩᠭᠤᠨ ᠰᠢᠯᠭᠠᠷᠠᠭᠤᠯᠤᠭᠰᠠᠨ 162 ᠳᠤᠭᠤᠢᠯᠠᠩ ᠂ 423 ᠨᠡᠷᠡᠰ ᠵᠠᠯᠠᠭᠤᠴᠤᠳ ᠪᠠᠭᠠᠴᠤᠳ ᠦᠪᠡᠷ ᠤᠨ ᠦᠯᠡᠳᠴᠤ ᠪᠦᠳᠦᠭᠡᠭᠰᠡᠨ ᠮᠠᠰᠢᠨ ᠬᠦᠮᠦᠨ ᠲᠠᠢ ᠪᠠᠨ ᠬᠠᠮᠳᠤ ᠤᠷᠤᠯᠴᠠᠪᠠ᠃ ᠤᠷᠤᠯᠳᠤᠭᠠᠨ ᠨᠢ ᠮᠠᠰᠢᠨ ᠬᠦᠮᠦᠨ ᠤ ᠶᠡᠷᠦᠩᠭᠡᠶᠢᠯᠡᠭᠰᠡᠨ ᠴᠢᠳᠠᠪᠤᠷᠢ ᠶᠢᠨ ᠤᠷᠤᠯᠳᠤᠭᠠᠨ᠂ ᠮᠠᠰᠢᠨ ᠬᠦᠮᠦᠨ ᠤ ᠰᠢᠨ᠎ᠡ ᠶᠢ ᠡᠬᠦᠳᠬᠦ ᠤᠷᠤᠯᠳᠤᠭᠠᠨ ᠵᠡᠷᠭᠡ 6 ᠲᠦᠷᠦᠯ ᠢᠶᠠᠷ ᠶᠠᠪᠤᠭᠳᠠᠪᠠ᠃
ᠢᠷᠡᠯᠳᠡ :
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ ᠠ
ᠮᠧᠡᠭ ᠰᠢᠶᠠᠡᠭ ᠳ᠋ᠦᠡᠭ ᠸᠢᠴᠠᠲ ᠤᠨ ᠨᠡᠶᠢᠳᠡ ᠶᠢᠨ ᠲᠠᠪᠴᠠᠡᠭ
ᠦᠪᠦᠷ ᠮᠤᠡᠭᠭᠤᠯ ᠤᠨ ᠪᠦᠬᠦ ᠠᠷᠠᠳ ᠢᠶᠡᠷ ᠢᠶᠡᠨ ᠪᠡᠶ᠎ᠡ ᠪᠡᠨ ᠴᠢᠬᠢᠷᠠᠬᠵᠢᠭᠤᠯᠬᠤ ᠨᠡᠶᠢᠳᠡ ᠶᠢᠨ ᠦᠢᠯᠡᠴᠢᠯᠡᠭᠡᠨ ᠤ ᠲᠠᠪᠴᠠᠡᠭ
ᠮᠧᠡᠭ ᠰᠢᠶᠠᠡᠭ ᠳ᠋ᠦᠡᠭ APP
ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ
ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ
ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ