ᠺᠦᠨᠮᠢᠩ ᠤᠨ 5 ᠰᠠᠷ᠎ᠠ ᠶᠢᠨ 15 ᠤ ᠡᠳᠦᠷ ᠤᠨ ᠴᠠᠬᠢᠯᠭᠠᠨ ᠮᠡᠳᠡᠭᠡ(ᠰᠤᠷᠪᠤᠯᠵᠢᠯᠠᠬᠴᠢ ᠶᠤᠸᠠᠢ ᠷᠠᠨ ᠷᠠᠨ) ᠰᠤᠷᠭᠠᠨ ᠬᠦᠮᠦᠵᠢᠯ ᠤᠨ ᠶᠠᠮᠤᠨ ᠤ ᠳᠡᠳ᠋ ᠰᠠᠶᠢᠳ᠂ ᠤᠯᠤᠰ ᠳᠠᠶᠠᠭᠠᠷ ᠤᠨ ᠵᠠᠯᠠᠭᠤ ᠪᠠᠭᠠᠴᠣᠳ ᠤᠨ ᠰᠤᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢᠨ ᠠᠵᠢᠯ ᠤᠨ ᠤᠳᠤᠷᠢᠳᠬᠤ ᠪᠠᠬ ᠤᠨ ᠳᠡᠳ᠋ ᠳᠠᠷᠤᠭ᠎ᠠ ᠲᠢᠶᠠᠨ ᠰᠢᠤᠸᠠᠢ ᠵᠢᠶᠦ᠋ᠨ 15 ᠤ ᠡᠳᠦᠷ ᠶᠦᠨᠨᠠᠨ ᠳᠤ ᠫᠠᠶᠢᠰᠠ ᠢᠯᠡᠷᠬᠡᠶᠢᠯᠡᠯ ᠭᠠᠷᠳᠠᠭᠤᠯᠵᠦ᠂ ᠶᠦᠨᠨᠠᠨ ᠮᠤᠵᠢ ᠨᠢ ᠵᠢᠩᠬᠢᠨᠢ ᠪᠡᠷ ᠤᠯᠤᠰ ᠳᠠᠶᠠᠭᠠᠷ ᠤᠨ ᠵᠠᠯᠠᠭᠤ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢᠨ ᠦᠭᠡᠷᠡᠴᠢᠯᠡᠯᠲᠡ ᠶᠢᠨ ᠲᠤᠷᠰᠢᠯᠲᠠ ᠶᠢᠨ ᠴᠢᠬ ᠪᠤᠯᠤᠯ᠎ᠠ᠃

 ᠰᠡᠭᠦᠯ ᠤᠨ ᠵᠢᠯ ᠤᠳ ᠲᠤ ᠶᠦᠨᠨᠠᠨ ᠮᠤᠵᠢ ᠰᠤᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢᠨ ᠦᠢᠯᠡᠰ ᠢ ᠠᠬᠢᠭᠤᠯᠬᠤ ᠳᠤ ᠰᠠᠶᠢᠨ ᠦᠷ᠎ᠡ ᠪᠦᠲᠦᠮᠵᠢ ᠤᠯᠵᠦ᠂ ᠰᠤᠷᠭᠠᠭᠤᠯᠢ ᠶᠢᠨ ᠬᠦᠷᠢᠶᠠᠨ ᠤ ᠬᠦᠯ ᠪᠦᠮᠪᠦᠭᠡ ᠵᠢ ᠲᠦᠭᠡᠮᠡᠯᠵᠢᠭᠦᠯᠬᠦ᠂ ᠪᠤᠯᠪᠠᠰᠤᠷᠠᠯ ᠤᠨ ᠲᠠᠯᠠᠪᠠᠢ ᠪᠠᠶᠢᠭᠤᠯᠬᠤ᠂ ᠲᠡᠮᠡᠴᠡᠭᠡᠨ ᠵᠤᠬᠢᠶᠠᠨ ᠪᠠᠶᠢᠭᠤᠯᠬᠤ᠂ ᠰᠤᠷᠭᠠᠭᠤᠯᠢ ᠳᠤ ᠳᠠᠪᠰᠢᠭᠤᠯᠬᠤ᠂ ᠲᠠᠮᠢᠷ ᠤᠨ ᠬᠦᠳᠡᠯᠭᠡᠭᠡᠨ ᠤ ᠡᠷᠡᠰᠳᠡᠯ ᠢ ᠰᠡᠷᠭᠡᠶᠢᠯᠡᠬᠦ ᠲᠠᠯ᠎ᠡ ᠪᠡᠷ ᠵᠤᠬᠢᠬᠤ ᠲᠤᠷᠰᠢᠯᠭ᠎ᠠ ᠬᠤᠷᠠᠮᠳᠤᠭᠤᠯᠵᠠᠢ᠃ 2017 ᠤᠨ ᠪᠤᠯᠲᠠᠯ᠎ᠠ᠂ ᠶᠦᠨᠨᠠᠨ ᠮᠤᠵᠢ ᠨᠡᠶᠢᠲᠡ 534 ᠲᠦᠷᠦ ᠶᠢᠨ ᠵᠡᠷᠭᠡᠯᠡᠯ ᠤᠨ ᠰᠤᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢᠨ ᠤᠨᠴᠠᠯᠢᠬᠲᠤ ᠰᠤᠷᠭᠠᠭᠤᠯᠢ ᠪᠤᠯᠤᠨ 3 ᠲᠦᠷᠦ ᠶᠢᠨ ᠵᠡᠷᠭᠡᠯᠡᠯ ᠤᠨ ᠰᠤᠷᠭᠠᠭᠤᠯᠢ ᠶᠢᠨ ᠬᠦᠷᠢᠶᠡᠨ ᠤ ᠲᠤᠷᠰᠢᠯᠲᠠ ᠶᠢᠨ ᠴᠢᠬ ᠪᠠᠶᠢᠭᠤᠯᠤᠬᠰᠠᠨ ᠪᠠ ᠳᠠᠪᠬᠤᠷᠳᠠᠬᠰᠠᠨ ᠲᠤᠭ᠎ᠠ ᠪᠡᠷ 3600 ᠰᠤᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢᠨ ᠪᠠᠬᠰᠢ ᠬᠦᠮᠦᠵᠢᠭᠦᠯᠵᠦ᠂  ᠭᠠᠳᠠᠭᠠᠳᠤ ᠤᠯᠤᠰ ᠤᠨ 28 ᠲᠠᠰᠬᠠᠯᠵᠢᠭᠤᠯᠤᠬᠴᠢ ᠤᠷᠢᠵᠦ ᠬᠡᠷᠡᠭᠯᠡᠨ᠂ ᠵᠢᠯ ᠪᠦᠷᠢ ᠪᠠᠷᠤᠬ ᠳᠠᠪᠬᠤᠷᠳᠠᠬᠰᠠᠨ ᠲᠤᠭ᠎ᠠ ᠪᠡᠷ 75 ᠲᠦᠮᠡᠨ ᠰᠤᠷᠤᠬᠴᠢ ᠡᠯ᠎ᠡ ᠲᠦᠷᠦᠯ ᠤᠨ ᠰᠤᠷᠭᠠᠭᠤᠯᠢ ᠶᠢᠨ ᠬᠦᠷᠢᠶᠡᠨ ᠤ ᠪᠡᠶ᠎ᠡ ᠶᠢᠨ ᠲᠠᠮᠢᠷ ᠤᠨ ᠲᠡᠮᠡᠴᠡᠭᠡᠨ ᠳᠤ ᠤᠷᠤᠯᠴᠠᠵᠦ ᠪᠤᠢ᠃


ᠢᠷᠡᠯᠳᠡ : 

ᠰᠢᠨᠬᠤᠸᠠ ᠬᠤᠷᠢᠶ᠎ᠠ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ