5 ᠰᠠᠷ᠎ᠠ ᠶᠢᠨ 17 ᠪᠤᠯ ᠲᠦᠴᠢᠳ᠋ᠡᠬᠢ ᠲᠡᠯᠡᠬᠡᠢ ᠶᠢᠨ ᠴᠢᠰᠤᠨ ᠤ ᠦᠨᠳᠤᠷ ᠲᠠᠷᠤᠯᠳᠠ ᠶᠢᠨ ᠡᠳᠤᠷ᠂ ᠬᠦᠮᠦᠰ ᠲᠤ ᠴᠢᠰᠤᠨ ᠤ ᠦᠨᠳᠤᠷ ᠲᠠᠷᠤᠯᠳᠠ ᠵᠢᠴᠢ ᠬᠠᠮ ᠡᠪᠡᠳᠴᠢᠨ ᠤ ᠲᠤᠬᠠᠢ ᠲᠠᠨᠢᠯᠳᠠ ᠶᠢ ᠲᠡᠭᠡᠭ᠍ᠰᠢᠯᠡᠬᠦᠯᠬᠦ ᠶᠢᠨ ᠲᠦᠯᠦᠬᠡ᠂ ᠤᠶᠢᠷ᠎ᠠ ᠳᠤ ᠤᠯᠤᠰ ᠤᠨ ᠵᠢᠷᠤᠬᠡ ᠰᠤᠳᠠᠰᠤᠨ ᠤ ᠡᠪᠡᠳᠴᠢᠨ ᠤ ᠲᠦᠪ ᠤᠨ ᠬᠠᠮᠢᠶᠠᠳᠠᠢ ᠬᠠᠷᠢᠭᠤᠴᠠᠯᠭᠠᠳᠠᠨ ᠵᠢᠶᠠᠩ ᠯᠢ ᠰᠢᠨ ᠫᠷᠤᠹᠧᠰᠰᠤᠷ ᠴᠢᠰᠤᠨ ᠤ ᠦᠨᠳᠤᠷ ᠲᠠᠷᠤᠯᠳᠠ ᠶᠢᠨ ᠡᠪᠡᠳᠴᠢᠨ ᠤ ᠤᠳᠤᠬᠢ ᠪᠠᠶᠢᠳᠠᠯ᠂ ᠬᠤᠤᠷ ᠬᠦᠨᠦᠬᠡᠯ᠂ ᠰᠡᠷᠬᠡᠶᠢᠯᠡᠬᠦ᠂ ᠡᠮ ᠪᠡᠷ ᠵᠠᠰᠠᠬᠤ ᠪᠤᠷᠤᠭᠤ ᠤᠶᠢᠯᠠᠭᠠᠯᠳᠠ ᠵᠡᠷᠬᠡ ᠲᠠᠯ᠎ᠠ ᠪᠡᠷ ᠨᠠᠷᠢᠨ ᠲᠠᠶᠢᠯᠪᠤᠷᠢᠯᠠᠯᠳᠠ ᠬᠢᠭ᠍ᠰᠡᠨ ᠪᠠᠶᠢᠨ᠎ᠠ᠃

236375.jpg

 ᠲᠡᠯᠡᠬᠡᠢ ᠶᠢᠨ ᠡᠷᠡᠬᠦᠯ ᠮᠡᠨᠳᠤ ᠶᠢᠨ ᠵᠤᠬᠢᠶᠠᠨ ᠪᠠᠶᠢᠭᠤᠯᠤᠯᠳᠠ ᠶᠢᠨ ᠲᠤᠭ᠎ᠠ ᠪᠦᠷᠢᠳᠬᠡᠯ ᠢ ᠦᠨᠳᠤᠰᠦᠯᠡᠪᠡᠯ᠂ ᠵᠢᠯ ᠪᠦᠷᠢ ᠲᠡᠯᠡᠬᠡᠢ ᠳᠤ 1700 ᠲᠦᠮᠡᠨ ᠬᠦᠮᠦᠨ ᠵᠢᠷᠦᠬᠡ ᠰᠤᠳᠠᠰᠤᠨ ᠤ ᠡᠪᠡᠳᠴᠢᠨ ᠢᠶᠡᠷ ᠨᠠᠰᠤ ᠪᠠᠷᠠᠵᠤ᠂ ᠨᠠᠰᠤ ᠪᠠᠷᠠᠵᠤ ᠪᠠᠶᠢᠭ᠎ᠠ ᠬᠦᠮᠦᠨ ᠤ ᠶᠡᠷᠦᠩᠬᠡᠢ ᠲᠤᠭ᠎ᠠ ᠶᠢᠨ ᠭᠤᠷᠪᠠᠨ ᠤ ᠨᠢᠬᠡ ᠶᠢ ᠡᠵᠡᠯᠡᠵᠤ ᠪᠠᠶᠢᠨ᠎ᠠ᠂ ᠬᠡᠳᠡᠯ᠎ᠡ ᠡᠳᠡᠬᠡᠷ ᠵᠢᠷᠦᠬᠡ ᠰᠤᠳᠠᠰᠤᠨ ᠤ ᠡᠪᠡᠳᠴᠢᠨ ᠢᠶᠡᠷ ᠨᠠᠰᠤᠨ ᠪᠠᠷᠠᠭᠰᠠᠨ ᠬᠦᠮᠦᠰ ᠤᠨ ᠲᠤᠳᠤᠷ᠎ᠠ 940 ᠲᠦᠮᠡ ᠨᠢ ᠴᠢᠰᠤᠨ ᠤ ᠦᠨᠳᠤᠷ ᠲᠠᠷᠤᠯᠳᠠ ᠶᠢᠨ ᠬᠠᠮ ᠡᠪᠡᠳᠴᠢᠨ ᠶᠢᠡᠷ ᠡᠨᠳᠡᠵᠤ᠂ ᠠᠳᠠᠭ ᠲᠤ ᠪᠠᠨ 45% ᠨᠢ ᠵᠢᠷᠦᠬᠡᠨ ᠤ ᠡᠪᠡᠳᠴᠢᠨ ᠪᠤᠯᠤᠨ 51% ᠨᠢ ᠲᠠᠷᠢᠬᠢᠨ ᠳᠤ ᠨᠢ ᠴᠢᠰᠤ ᠬᠠᠷᠪᠤᠬᠤ ᠡᠪᠡᠳᠴᠢᠨ ᠡᠴᠡ ᠪᠤᠯᠵᠠᠢ᠂ ᠡᠳᠡᠬᠡᠷ ᠡᠪᠡᠳᠴᠢᠨ ᠨᠢ ᠴᠦᠮ ᠴᠢᠰᠤᠨ ᠤ ᠦᠨᠳᠤᠷ ᠲᠠᠷᠤᠯᠳᠠ ᠡᠴᠡ ᠪᠤᠯᠤᠭᠰᠠᠨ ᠶᠤᠮ᠃ ᠴᠢᠰᠤᠨ ᠤ ᠦᠨᠳᠤᠷ ᠲᠠᠷᠤᠯᠳᠠ ᠨᠢᠬᠡᠨᠳᠡ ᠲᠡᠯᠡᠬᠡᠢ ᠶᠢᠨ ᠡᠪᠡᠳᠴᠢᠨ ᠤ ᠲᠠᠷᠤᠭᠠᠰᠤ ᠬᠠᠮᠤᠬ ᠤᠨ ᠬᠦᠨᠳᠦ ᠡᠪᠡᠳᠴᠢᠨ ᠤ ᠨᠢᠬᠡ ᠪᠤᠯᠪᠠ᠃

 ᠤᠳᠤᠬᠠᠨ ᠳᠤ ᠮᠠᠨ ᠤ ᠤᠯᠤᠰ ᠤᠨ ᠴᠢᠰᠤᠨ ᠤ ᠦᠨᠳᠤᠷ ᠲᠠᠷᠤᠯᠳᠠ ᠲᠠᠢ ᠡᠪᠡᠳᠴᠢᠳᠠᠡ 2.7 ᠳ᠋ᠦᠩᠰᠢᠭᠤᠷ ᠢ ᠲᠠᠪᠠᠪᠠ᠃ ᠴᠢᠰᠤᠨ ᠤ ᠦᠨᠳᠤᠷ ᠲᠠᠷᠤᠯᠳᠠ ᠶᠢᠨ ᠡᠳ᠋ ᠤᠨ ᠵᠠᠰᠠᠭ ᠨᠢ ᠮᠠᠨ ᠤ ᠤᠯᠤᠰ ᠤᠨ ᠡᠷᠡᠬᠦᠯ ᠬᠠᠮᠠᠭᠠᠯᠠᠯ ᠤᠨ ᠶᠡᠷᠦᠩᠬᠡᠢ ᠵᠠᠷᠤᠳᠠᠯ ᠤᠨ 6.6% ᠶ᠋ᠢ ᠡᠵᠡᠯᠡᠵᠤ ᠪᠠᠶᠢᠨ᠎ᠠ᠃

 ᠴᠢᠰᠤᠨ ᠤ ᠦᠨᠳᠤᠷ ᠲᠠᠷᠤᠯᠳᠠ ᠪᠤᠯ ᠪᠠᠶᠢᠩᠭ᠋ᠤ ᠲᠤᠬᠢᠶᠠᠯᠳᠤᠬᠤ ᠠᠷᠬᠠᠭ ᠡᠪᠡᠳᠴᠢᠨ ᠤ ᠨᠢᠬᠡ ᠲᠦᠷᠦᠯ᠂ ᠴᠢᠰᠤᠨ ᠤ ᠲᠠᠷᠤᠯᠳᠠ ᠦᠨᠳᠤᠷ ᠪᠤᠯ ᠵᠠᠷᠢᠮ ᠳᠤ ᠪᠠᠨ ᠲᠤᠯᠤᠭᠠᠢ ᠡᠪᠡᠳᠬᠦ᠂ ᠲᠤᠯᠤᠭᠠᠢ ᠡᠷᠬᠢᠬᠦ᠂ ᠴᠢᠨᠠᠭᠰᠢᠯᠠᠪᠠᠯ ᠶᠠᠮᠠᠷ ᠴᠤ ᠰᠢᠨᠵᠢ ᠲᠡᠮᠳᠡᠭ ᠦᠭᠡᠢ ᠤᠴᠢᠷ ᠡᠴᠡ ᠴᠢᠰᠤᠨ ᠤ ᠦᠨᠳᠤᠷ ᠲᠠᠷᠤᠯᠳᠠ ᠶᠢ ᠲᠡᠮᠡᠢ ᠬᠠᠮᠢᠶᠠᠷᠬᠤ ᠴᠤ ᠦᠭᠡᠢ ᠪᠠᠶᠢᠳᠠᠭ᠂ ᠬᠡᠳᠡᠯ᠎ᠡ ᠴᠢᠰᠤᠨ ᠤ ᠦᠨᠳᠤᠷ ᠲᠠᠷᠤᠯᠳᠠ ᠶᠢᠨ ᠠᠶᠤᠮᠰᠢᠭ ᠨᠢ ᠬᠦᠮᠦᠨ ᠤ ᠪᠡᠶ᠎ᠡ ᠶᠢᠨ ᠲᠠᠪᠤᠨ ᠴᠤᠯᠤ ᠶᠢ ᠬᠦᠨᠦᠭᠡᠳᠡᠭ᠂ ᠴᠢᠰᠤᠨ ᠤ ᠲᠠᠷᠤᠯᠳᠠ ᠤᠷᠳᠤ ᠬᠤᠭᠤᠴᠠᠭ᠎ᠠ ᠦᠨᠳᠤᠷ ᠪᠤᠯ ᠵᠢᠷᠦᠬᠡᠨ ᠤ ᠡᠪᠡᠳᠴᠢᠨ᠂ ᠲᠠᠷᠢᠬᠢᠨ ᠳᠤ ᠴᠢᠰᠤ ᠬᠠᠷᠪᠤᠬᠤ᠂ ᠪᠦᠭᠡᠷ᠎ᠡ ᠶᠢᠨ ᠮᠠᠭᠤᠳᠠᠯ᠂ ᠨᠢᠳᠤᠨ ᠤ ᠡᠪᠡᠳᠴᠢᠨ ᠵᠡᠷᠬᠡ ᠶᠢ ᠡᠭᠦᠰᠭᠡᠵᠦ ᠠᠮᠢ ᠨᠠᠰᠤ ᠶᠢ ᠬᠤᠷᠤᠭᠠᠵᠤ᠂ ᠠᠮᠢᠳᠤᠷᠠᠯ ᠤᠨ ᠴᠢᠨᠠᠷ ᠢ ᠨᠦᠯᠦᠬᠡᠯᠡᠳᠡᠭ᠃

 ᠴᠢᠰᠤᠨ ᠤ ᠦᠨᠳᠤᠷ ᠲᠠᠷᠤᠯᠳᠠ ᠶᠢᠨ ᠬᠤᠤᠷ ᠬᠦᠨᠤᠬᠡᠯ ᠨᠡᠯᠢᠶᠡᠳ ᠬᠦᠨᠳᠤ᠂ ᠬᠡᠳᠡᠯ᠎ᠡ ᠲᠡᠬᠦᠨ ᠢ ᠰᠡᠷᠬᠡᠶᠢᠯᠡᠨ ᠡᠵᠡᠮᠳᠡᠵᠤ ᠪᠤᠯᠤᠨ᠎ᠠ᠂ ᠤᠷᠢᠳᠠᠪᠡᠷ ᠰᠡᠷᠬᠡᠶᠢᠯᠡᠨ ᠲᠠᠷᠠᠭ᠎ᠠ ᠨᠢ ᠡᠵᠡᠮᠳᠡᠨ᠎ᠡ᠃ ᠰᠡᠷᠬᠡᠶᠢᠯᠡᠬᠦ ᠪᠤᠯ ᠵᠠᠪᠠᠯ ᠡᠷᠳᠡᠬᠡᠨ ᠪᠠᠶᠢᠴᠠᠭᠠᠯᠭᠠᠵᠤ᠂ ᠡᠷᠳᠡᠬᠡᠨ ᠡᠮᠴᠢᠯᠡᠬᠦᠯᠬᠦ ᠬᠡᠷᠡᠭᠲᠡᠢ᠂ 35 ᠨᠠᠰᠤᠨ ᠡᠴᠡ ᠰᠡᠬᠦᠯᠡᠷ ᠲᠤᠭᠳᠠᠭᠰᠠᠨ ᠬᠤᠭᠤᠴᠠᠭᠠᠨ ᠳᠤ ᠴᠢᠰᠤᠨ ᠤ ᠲᠠᠷᠤᠯᠳᠠ ᠪᠠᠨ ᠬᠡᠮᠵᠢᠬᠦ ᠬᠡᠷᠡᠭᠲᠡᠢ᠃ ᠵᠠᠷᠢᠮ ᠲᠠᠷᠭᠤᠨ᠂ ᠲᠠᠮᠢᠷᠳᠠᠬᠤ᠂ ᠤᠷᠳᠤ ᠬᠤᠭᠤᠴᠠᠭ᠎ᠠ ᠲᠠᠪᠤᠰᠤ ᠢᠯᠡᠬᠦᠦ ᠢᠳᠡᠬᠦ᠂ ᠠᠷᠢᠬᠢ ᠲᠠᠮᠠᠬᠢ ᠤᠤᠭᠤᠬᠤ᠂ ᠠᠵᠢᠯ ᠤᠨ ᠲᠠᠷᠤᠭᠠᠰᠤ ᠬᠦᠨᠳᠤ ᠪᠤᠶᠤ ᠪᠤᠬᠢᠮᠳᠠᠬᠤ᠂ ᠴᠢᠰᠤᠨ ᠤ ᠦᠨᠳᠤᠷ ᠲᠠᠷᠤᠯᠳᠠ ᠶᠢᠨ ᠡᠪᠡᠳᠴᠢᠨ ᠤ ᠲᠡᠦᠬᠡ ᠲᠠᠢ ᠬᠡᠷ ᠪᠦᠯᠢ ᠶᠢᠨ ᠬᠦᠮᠦᠰ ᠴᠢᠰᠤᠨ ᠤ ᠦᠨᠳᠤᠷ ᠲᠠᠷᠤᠯᠳᠠ ᠶᠢᠨ ᠡᠪᠡᠳᠴᠢᠨ ᠳᠤ ᠨᠡᠷᠪᠡᠭ᠍ᠳᠡᠬᠦ ᠠᠶᠤᠯ ᠦᠨᠳᠤᠷ ᠪᠠᠶᠢᠬᠤ ᠪᠤᠯᠤᠮᠵᠢ ᠲᠠᠢ᠃


ᠢᠷᠡᠯᠳᠡ : 

ᠰᠢᠨᠬᠤᠸᠠ ᠨᠧᠲ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ