5 ᠰᠠᠷ᠎ᠠ ᠶᠢᠨ 18 ᠤ ᠡᠳᠤᠷ᠂ ᠰᠤᠷᠪᠤᠯᠵᠢᠯᠠᠭᠴᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠡᠮᠡᠭᠲᠡᠶᠢᠴᠤᠳ ᠬᠡᠦᠬᠡᠳ ᠤᠨ ᠡᠮᠴᠢᠯᠡᠬᠡ ᠡᠷᠡᠬᠦᠯᠵᠢᠯ ᠤᠨ ᠬᠤᠯᠪᠤᠭᠠᠨ ᠤ 2018 ᠤᠨ ᠤ ᠬᠤᠷᠠᠯ ᠵᠢᠴᠢ ᠠᠩᠬᠠᠨ ᠤ ᠡᠬᠡᠯᠵᠢ ᠶᠢᠨ ᠬᠦᠢᠴᠡᠳᠬᠡᠬᠦ ᠵᠦᠪᠯᠡᠯ ᠤᠨ ᠬᠤᠷᠠᠯ ᠡᠴᠡ ᠤᠶᠢᠯᠠᠭᠠᠭᠰᠠᠨ ᠢᠶᠡᠷ᠂ ᠪᠠᠰᠠ 12 ᠡᠮ ᠡᠮᠨᠡᠯᠬᠡ ᠶᠢᠨ ᠪᠠᠶᠢᠭᠤᠯᠤᠮᠵᠢ ᠡᠮᠡᠭᠲᠡᠶᠢᠴᠦᠳ ᠬᠡᠦᠬᠡᠳ ᠤᠨ ᠡᠮᠴᠢᠯᠡᠬᠡ ᠡᠷᠡᠬᠦᠯᠵᠢᠯ ᠤᠨ ᠬᠤᠯᠪᠤᠭᠠᠨ ᠤ ᠬᠦᠢᠴᠡᠳᠬᠡᠬᠦ ᠵᠦᠪᠯᠡᠯ ᠤᠨ ᠬᠡᠰᠢᠬᠦᠨ ᠪᠤᠯᠪᠠ᠃

 ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠡᠮᠡᠭᠲᠡᠶᠢᠴᠤᠳ ᠬᠡᠦᠬᠡᠳ ᠤᠨ ᠡᠮᠴᠢᠯᠡᠬᠡ ᠡᠷᠡᠬᠦᠯᠵᠢᠯ ᠤᠨ ᠬᠤᠯᠪᠤᠭᠠᠨ ᠳᠤ ᠬᠡᠰᠢᠬᠦᠨ ᠪᠤᠯᠤᠭᠰᠠᠨ ᠪᠠᠶᠢᠭᠤᠯᠤᠮᠵᠢ ᠳᠤ ᠮᠠᠨᠵᠤᠤᠷ ᠬᠤᠳᠠ ᠶᠢᠨ ᠠᠷᠠᠳ ᠤᠨ ᠡᠮᠨᠡᠯᠬᠡ᠂ ᠵᠠᠯᠠᠶᠢᠳ ᠬᠤᠰᠢᠭᠤᠨ ᠤ ᠡᠮᠡᠭᠲᠡᠶᠢᠴᠤᠳ ᠬᠡᠦᠬᠡᠳ ᠤᠨ ᠡᠷᠡᠬᠦᠯᠵᠢᠯ ᠤᠨ ᠡᠮᠨᠡᠯᠬᠡ᠂ ᠲᠠᠯᠠᠳ ᠬᠤᠰᠢᠭᠤᠨ ᠤ ᠡᠮᠡᠭᠲᠡᠶᠢᠴᠤᠳ ᠬᠡᠦᠬᠡᠳ ᠤᠨ ᠡᠷᠡᠬᠦᠯᠵᠢᠯ ᠤᠨ ᠲᠦᠯᠦᠪᠯᠡᠬᠡᠳᠤ ᠦᠷᠡᠵᠢᠯ ᠤᠨ ᠦᠢᠯᠡᠴᠢᠯᠡᠬᠡᠨ ᠤ ᠲᠦᠪ ᠵᠡᠷᠬᠡ ᠪᠠᠭᠳᠠᠨ᠎ᠠ᠃

 ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠡᠮᠡᠭᠲᠡᠶᠢᠴᠤᠳ ᠬᠡᠦᠬᠡᠳ ᠤᠨ ᠡᠮᠴᠢᠯᠡᠬᠡ ᠡᠷᠡᠬᠦᠯᠵᠢᠯ ᠤᠨ ᠬᠤᠯᠪᠤᠭ᠎ᠠ 2016 ᠤᠨ ᠤ 4 ᠰᠠᠷ᠎ᠠ ᠳᠤ ᠪᠠᠶᠢᠭᠤᠯᠤᠭᠳᠠᠪᠠ᠃ ᠬᠤᠶᠠᠷ ᠵᠢᠯ ᠤᠨ ᠲᠤᠷᠰᠢ᠂ ᠲᠤᠰ ᠡᠮᠴᠢᠯᠡᠬᠡᠨ ᠤ ᠬᠤᠯᠪᠤᠭ᠎ᠠ ᠦᠨᠳᠤᠰᠦᠨ ᠱᠠᠳᠤᠨ ᠤ ᠡᠮᠨᠡᠯᠬᠡ ᠶᠢᠨ ᠪᠠᠶᠢᠭᠤᠯᠤᠮᠵᠢ ᠶᠢᠨ ᠡᠮᠡᠭᠲᠡᠶᠢᠴᠤᠳ ᠬᠡᠦᠬᠡᠳ ᠤᠨ ᠲᠤᠰᠬᠠᠢ ᠡᠮᠴᠢᠯᠡᠬᠡᠨ ᠤ ᠴᠢᠳᠠᠮᠵᠢ ᠶᠢᠨ ᠪᠠᠶᠢᠭᠤᠯᠤᠯᠳᠠ ᠪᠠᠨ ᠴᠢᠩᠭ᠋ᠠᠳᠬᠠᠵᠤ᠂ ᠰᠢᠯᠢᠳᠡᠭ ᠡᠮᠴᠢᠯᠡᠬᠡᠨ ᠤ ᠡᠬᠢ ᠰᠤᠷᠪᠤᠯᠵᠢ ᠪᠠᠨ ᠪᠠᠶᠠᠯᠢᠭᠵᠢᠭᠤᠯᠵᠤ᠂ ᠡᠮᠨᠡᠯᠬᠡ ᠰᠢᠯᠵᠢᠬᠦᠯᠬᠦ ᠲᠦᠬᠦᠮ ᠲᠦᠳᠡ ᠵᠠᠮ ᠢ ᠨᠡᠬᠡᠬᠡᠵᠤ᠂ ᠱᠠᠳᠤ ᠬᠤᠪᠢᠶᠠᠨ ᠡᠮᠴᠢᠯᠡᠬᠦᠯᠬᠦ ᠵᠡᠷᠬᠡ ᠶᠢ ᠲᠤᠤᠱᠯᠠᠭᠤᠯᠤᠭᠰᠠᠨ ᠲᠠᠯ᠎᠎ᠠ ᠪᠡᠷ ᠴᠢᠬᠤᠯᠠ ᠦᠢᠯᠡᠳᠤᠯ ᠦᠵᠡᠬᠦᠯᠪᠡ᠃ ᠬᠤᠯᠪᠤᠭ᠎ᠠ ᠪᠠᠶᠢᠭᠤᠯᠤᠭᠳᠠᠭᠰᠠᠨ ᠡᠬᠢᠨ  ᠤ 51 ᠬᠡᠰᠢᠬᠦᠨ ᠪᠠᠶᠢᠭᠤᠯᠤᠯᠭ᠎ᠠ ᠪᠠᠶᠢᠭᠰᠠᠨ ᠡᠴᠡ ᠪᠠᠨ ᠤᠳᠤ 74 ᠪᠤᠯᠪᠠ᠃


ᠢᠷᠡᠯᠳᠡ : 

ᠦᠪᠦᠷ ᠮᠤᠩᠭ᠋ᠤᠯ ᠤᠨ ᠰᠤᠨᠢᠨ ᠮᠡᠳᠡᠬᠡᠨ ᠤ ᠨᠧᠲ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ