5 ᠰᠠᠷ᠎ᠠ ᠶᠢᠨ 21 ᠤ ᠦᠳᠡ ᠶᠢᠨ ᠡᠮᠦᠨ᠎ᠡ᠂ ᠰᠤᠷᠪᠤᠯᠵᠢᠯᠠᠭᠴᠢ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠰᠤᠨᠢᠨ ᠮᠡᠳᠡᠭᠡ ᠨᠡᠶᠢᠳᠡᠯᠡᠬᠦ ᠬᠤᠷᠠᠯ ᠠᠴᠠ ᠤᠢᠢᠯᠠᠭᠠᠭᠰᠠᠨ ᠢᠶᠠᠷ᠂ ᠠᠷᠪᠠᠨ ᠳᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ ·ᠦᠪᠦᠷ ᠮᠤᠩᠭᠤᠯ ᠤᠨ ᠳᠠᠯ᠎ᠠ ᠨᠤᠳᠤᠭ ᠤᠨ ᠰᠤᠶᠤᠯ ᠤᠨ ᠨᠠᠶᠢᠷ 8 ᠰᠠᠷ᠎ᠠ ᠶᠢᠨ 8 ᠠᠴᠠ 18 ᠤ ᠡᠳᠤᠷ ᠪᠤᠯᠳᠠᠯ᠎ᠠ ᠬᠦᠬᠡᠬᠤᠳᠠ ᠳᠤ ᠶᠡᠪᠤᠭᠳᠠᠨ᠎ᠠ᠃

 ᠳᠤᠰ ᠬᠤᠭᠤᠴᠠᠭᠠᠨ ᠤ ᠰᠤᠶᠤᠯ ᠤᠨ ᠨᠠᠶᠢᠷ ᠨᠢ ᠨᠡᠶᠢᠳᠡ ᠠᠷᠪᠠᠨ ᠪᠦᠯᠦᠭ ᠢᠶᠠᠷ ᠪᠦᠷᠢᠯᠳᠦᠨ᠎ᠡ᠃ ᠨᠢᠭᠡᠳᠦᠭᠡᠷ ᠪᠦᠯᠦᠭ ᠲᠤ ᠡᠬᠢᠯᠡᠯᠳᠡ ᠶᠢᠨ ᠶᠤᠰᠤᠯᠠᠯ ᠵᠢᠴᠢ ᠨᠡᠭᠡᠭᠡᠯᠳᠡ ᠶᠢᠨ ᠵᠦᠴᠦᠭᠡ ᠪᠠ ᠮᠠᠯᠴᠢᠨ ᠳᠠᠷᠢᠶᠠᠴᠢᠳ ᠤᠨ ᠤᠷᠠᠨ ᠰᠠᠶᠢᠬᠠᠨ ᠤ ᠲᠤᠭᠯᠠᠯᠳᠠ ᠪᠤᠢ᠃ ᠬᠤᠶᠠᠳᠤᠭᠠᠷ ᠪᠦᠯᠦᠭ ᠨᠢ ᠰᠢᠯᠢᠳᠡᠭ ᠵᠦᠴᠦᠭᠡ ᠶᠢᠨ ᠦᠵᠡᠭᠦᠯᠦᠯᠭᠡ᠂ ᠡᠭᠦᠨ ᠳᠤ ᠼᠢᠷᠺ ᠶᠧᠯᠸᠢ ᠶᠢᠨ ᠲᠤᠰᠬᠠᠢ ᠲᠤᠭᠯᠠᠯᠳᠠ᠂ ᠬᠡᠤᠬᠡᠳ ᠪᠠᠭᠠᠴᠤᠳ ᠤᠨ ᠲᠤᠰᠬᠠᠢ ᠰᠡᠳᠦᠪᠳᠤ ᠲᠤᠭᠯᠠᠯᠳᠠ᠂ ᠮᠤᠩᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠵᠡᠷᠭᠡ ᠪᠤᠢ︔ ᠭᠤᠷᠪᠠᠳᠤᠭᠠᠷ ᠪᠦᠯᠦᠭ ᠨᠢ ᠤᠯᠠᠭᠠᠨᠮᠦ᠋ᠴᠢᠷ ᠤᠨ ᠰᠢᠨ᠎ᠡ ᠪᠦᠳᠦᠭᠡᠯ ᠤᠨ ᠦᠵᠡᠭᠦᠯᠦᠯᠭᠡ᠂ ᠡᠭᠦᠨ ᠳᠤ ᠤᠯᠠᠭᠠᠨᠮᠦ᠋ᠴᠢᠷ ᠤᠨ ᠰᠢᠨ᠎ᠡ ᠬᠦᠮᠦᠨ ᠰᠢᠨ᠎ᠡ ᠪᠦᠳᠦᠭᠡᠯ ᠤᠨ ᠦᠵᠡᠭᠦᠯᠦᠯᠭᠡ᠂ ᠤᠯᠠᠭᠠᠨᠮᠦ᠋ᠴᠢᠷ ᠤᠨ ᠮᠤᠩᠭᠤᠯ ᠬᠢᠳᠠᠳ ᠰᠢ ᠵᠦᠴᠤᠭᠡ ᠬᠢᠯᠪᠢᠬᠡᠨ ᠵᠦᠴᠦᠭᠡ ᠶᠢᠨ ᠦᠵᠡᠭᠦᠯᠦᠯᠭᠡ ᠶᠢ ᠪᠠᠭᠳᠠᠭᠠᠵᠠᠢ︔ ᠲᠦᠷᠪᠡᠳᠦᠭᠡᠷ ᠪᠦᠯᠦᠭ ᠨᠢ ᠦᠭᠡᠷᠡᠴᠢᠯᠡᠯᠳᠡ ᠨᠡᠭᠡᠭᠡᠯᠳᠡ ᠬᠢᠭᠰᠡᠨ  40 ᠵᠢᠯ ᠤᠨ ᠤᠢ ᠶᠢᠨ ᠰᠢᠷᠢᠰ ᠠᠵᠢᠯᠯᠠᠭ᠎ᠠ᠂ ᠡᠭᠦᠨ ᠳᠤ 10000 ᠭᠠᠷᠤᠢ ᠳᠠᠯᠠᠪᠠᠢ ᠺᠢᠨᠣ᠋ ᠵᠦᠴᠦᠭᠡ ᠶᠢ ᠦᠨᠳᠦᠰᠦᠨ ᠱᠠᠳᠤᠨ  ᠳᠤ ᠬᠦᠷᠭᠡᠬᠦ᠂ ᠤᠷᠠᠨ ᠵᠢᠷᠤᠭ᠂ ᠤᠷᠠᠨ ᠪᠢᠴᠢᠯᠭᠡ ᠳᠠᠮᠠᠭ᠎ᠠ ᠰᠡᠶᠢᠯᠦᠮᠠᠯ ᠤᠨ ᠪᠦᠳᠦᠭᠡᠯ᠂ ᠬᠡᠷᠡᠯ ᠵᠢᠷᠤᠭ ᠤᠨ ᠪᠦᠳᠦᠭᠡᠯ  ᠤᠨ ᠦᠵᠡᠭᠦᠯᠦᠯᠭᠡ᠂ ᠮᠤᠩᠭᠤᠯ ᠬᠢᠳᠠᠳ ᠰᠢᠯᠦᠭ ᠲᠠᠭᠤᠤ ᠶᠢᠨ ᠤᠶᠠᠩᠭ᠎ᠠ ᠶᠢᠨ ᠨᠠᠶᠢᠷ᠂ ᠷᠠᠳᠢᠣ᠋ ᠵᠦᠴᠦᠭᠡ ᠶᠢᠨ ᠨᠡᠪᠳᠡᠷᠡᠭᠦᠯᠭᠡ᠂ ᠨᠠᠢᠷᠡᠯ ᠳᠠᠭᠤᠤ ᠶᠢᠨ ᠲᠤᠭᠯᠠᠯᠳᠠ᠂ ᠪᠢᠴᠢᠯ ᠸᠢᠳᠢᠣ᠋ ᠶᠢᠨ ᠤᠷᠤᠯᠳᠤᠭᠠᠨ ᠵᠡᠷᠭᠡ ᠪᠤᠢ︔ ᠳᠠᠪᠤᠳᠤᠭᠠᠷ ᠪᠦᠯᠦᠭ ᠨᠢ ᠭᠤᠤᠯ ᠰᠡᠳᠦᠪᠳᠤ ᠲᠠᠭᠤᠤ ᠬᠦᠭᠵᠢᠮ ᠤᠨ ᠴᠤᠬᠯᠠᠭᠠᠨ᠂ ᠡᠭᠦᠨ ᠳᠤ ᠮᠤᠩᠭᠤᠯ ᠳᠠᠭᠤᠤ ᠶᠢᠨ ᠪᠢᠷ ᠤᠨ ᠴᠤᠭᠯᠠᠭᠠᠨ ᠵᠢᠴᠢ ᠲᠤᠭᠯᠠᠯᠳᠠ᠂ ᠬᠠᠮᠳᠤᠯᠢᠭ  ᠤᠨ ᠤᠷᠤᠯᠳᠤᠭᠠᠨ ᠵᠢᠴᠢ ᠲᠤᠭᠯᠠᠯᠳᠠ ᠵᠡᠷᠭᠡ ᠪᠤᠢ︔ ᠵᠢᠷᠭᠤᠳᠤᠭᠠᠷ ᠪᠦᠯᠦᠭ ᠨᠢ ᠤᠯᠠᠨ ᠤᠯᠤᠰ ᠬᠢᠬᠡᠳ ᠤᠯᠤᠰ ᠤᠨ ᠳᠤᠳᠤᠭᠠᠳᠤ ᠶᠢᠨ ᠰᠤᠶᠤᠯ ᠤᠨ ᠰᠤᠯᠢᠯᠴᠠᠭ᠎ᠠ ᠶᠢᠨ ᠦᠵᠡᠭᠦᠯᠦᠯᠭᠡ᠂ ᠡᠭᠦᠨ ᠳᠤ ᠱᠠᠩᠬᠠᠢ ᠶᠢᠨ ᠤᠯᠠᠨ ᠤᠯᠤᠰ ᠤᠨ ᠤᠷᠠᠯᠢᠭ ᠤᠨ ᠨᠠᠶᠢᠷ ᠤᠨ  ᠰᠢᠯᠢᠳᠡᠭ ᠵᠦᠴᠦᠭᠡ ᠶᠢ ᠳᠡᠯᠭᠡᠨ ᠦᠵᠡᠭᠦᠯᠬᠦ᠂ ᠲᠦᠷᠺ ᠤᠨ ᠪᠦᠵᠢᠭᠳᠦ ᠵᠦᠴᠦᠭᠡ ᠵᠡᠷᠭᠡ ᠪᠤᠢ︔ᠲᠤᠯᠤᠳᠤᠭᠠᠷ ᠪᠦᠯᠦᠭ ᠨᠢ  ᠭᠤᠷᠪᠠᠳᠤᠭᠠᠷ ᠬᠤᠭᠤᠴᠠᠭᠠᠨ ᠤ ᠦᠪᠦᠷ ᠮᠤᠩᠭᠤᠯ ᠤᠨ ᠰᠤᠶᠤᠯ ᠤᠨ ᠠᠵᠤ ᠦᠢᠯᠡᠰ ᠤᠨ ᠦᠵᠡᠰᠭᠦᠯᠡᠩ ᠢᠶᠠᠷ ᠭᠤᠤᠯᠯᠠᠨ᠂ 56 ᠦᠨᠳᠦᠰᠦᠲᠡᠨ ᠤ ᠪᠤᠳᠠᠰ ᠤᠨ ᠪᠤᠰᠤ ᠰᠤᠶᠤᠯ ᠤᠨ ᠦᠪ ᠤᠨ ᠦᠵᠡᠭᠦᠯᠦᠯᠭᠡ᠂ ᠦᠪᠦᠷ ᠮᠤᠩᠭᠤᠯ ᠳᠠᠬᠢ ᠤᠷᠳᠤ ᠴᠠᠭᠠᠨ ᠬᠡᠷᠡᠮ ᠤᠨ ᠳᠡᠦᠭᠡ ᠰᠤᠶᠤᠯ ᠤᠨ ᠦᠵᠡᠭᠦᠯᠦᠯᠭᠡ ᠵᠡᠷᠭᠡ ᠪᠤᠢ︔ ᠨᠠᠢᠮᠠᠳᠤᠭᠠᠷ ᠪᠦᠯᠦᠭ ᠨᠢ ᠳᠠᠯ᠎ᠠ ᠨᠤᠳᠤᠭ ᠤᠨ ᠰᠤᠶᠤᠯ ᠤᠨ ᠦᠭᠦᠯᠡᠯ ᠤᠨ ᠳᠠᠪᠴᠠᠩ ᠪᠠᠶᠢᠵᠤ᠂ ᠭᠤᠤᠯ ᠳᠠᠪᠴᠠᠩ᠂ ᠤᠳᠬ᠎ᠠ ᠤᠷᠠᠯᠢᠭ ᠤᠨ ᠬᠤᠪᠢᠶᠠᠷᠢ ᠳᠠᠪᠴᠠᠩ ᠬᠢᠬᠡᠳ ︽ᠮᠤᠩᠭᠤᠯ ᠰᠤᠳᠤᠯᠤᠯ︾ ᠤᠨ ᠬᠤᠪᠢᠶᠠᠷᠢ ᠳᠠᠪᠴᠠᠩ  ᠵᠡᠷᠭᠡ ᠠᠭᠤᠯᠭ᠎ᠠ ᠪᠠᠷ ᠶᠠᠪᠤᠭᠳᠠᠨ᠎ᠠ︔ ᠶᠢᠰᠦᠳᠦᠭᠡᠷ ᠪᠦᠯᠦᠭ ᠨᠢ ᠪᠦᠬᠦ ᠤᠷᠤᠨ ᠤ ᠰᠢᠯᠢᠳᠡᠭ ᠵᠦᠴᠦᠭᠡ ᠶᠢᠨ ᠠᠷᠠᠳ ᠲᠤ ᠠᠰᠢᠭ ᠬᠦᠷᠳᠡᠭᠡᠬᠦ ᠲᠤᠭᠯᠠᠯᠳᠠ︔ ᠠᠷᠪᠠᠳᠤᠭᠠᠷ ᠪᠦᠯᠦᠭ ᠨᠢ ᠲᠡᠭᠦᠰᠬᠦ ᠶᠤᠰᠤᠯᠠᠯ ᠵᠢᠴᠢ ᠱᠠᠩᠨᠠᠯ ᠤᠯᠭᠤᠬᠤ ᠶᠤᠰᠤᠯᠠᠯ ᠵᠡᠷᠭᠡ ᠶᠢ ᠪᠠᠭᠳᠠᠭᠠᠵᠠᠢ᠃

 ᠲᠤᠰ ᠬᠤᠭᠤᠴᠠᠭᠠᠨ ᠤ ᠳᠠᠯ᠎ᠠ ᠨᠤᠳᠤᠭ ᠤᠨ ᠰᠤᠶᠤᠯ ᠤᠨ ᠨᠠᠶᠢᠷ ᠤᠨ ᠭᠤᠤᠯ ᠤᠨᠴᠠᠯᠢᠭ ᠨᠢ ᠶᠡᠷᠦᠩᠭᠡᠢ ᠱᠦᠵᠢ ᠰᠢ  ᠶᠢᠨ ᠫᠢᠩ ᠤᠨ ᠰᠢᠷᠢᠰ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠭᠤᠷᠢᠨ ᠳᠤ᠂ ᠦᠭᠡᠷᠡᠴᠢᠯᠡᠯᠳᠡ ᠨᠡᠭᠡᠭᠡᠯᠳᠡ ᠬᠢᠭᠰᠡᠨ 40 ᠵᠢᠯ ᠤᠨ ᠲᠤᠷᠰᠢᠬᠢ ᠰᠤᠶᠤᠯ ᠤᠬᠠᠭᠤᠯᠭ᠎ᠠ ᠶᠢᠨ ᠠᠵᠢᠯ ᠲᠠᠢ ᠤᠶᠠᠯᠳᠤᠭᠤᠯᠵᠤ᠂ ᠠᠷᠠᠳ ᠲᠦᠮᠡᠨ ᠢᠶᠠᠷ ᠭᠤᠤᠯ ᠪᠤᠯᠭᠠᠵᠤ᠂ ᠰᠤᠶᠤᠯ ᠢᠶᠠᠷ ᠠᠷᠠᠳ ᠲᠤ ᠠᠰᠢᠭ ᠬᠦᠷᠳᠡᠬᠡᠬᠦ ᠶᠢ ᠴᠢᠬᠤᠯᠠᠴᠢᠯᠠᠨ᠂ ᠦᠵᠡᠭᠦᠯᠦᠯᠭᠡ  ᠬᠢᠬᠡᠳ ᠳᠤᠭᠯᠠᠯᠳᠠ ᠶᠢᠨ ᠠᠭᠤᠯᠭ᠎ᠠ᠂ ᠨᠠᠶᠢᠷ ᠡᠷᠬᠢᠯᠡᠬᠦ ᠠᠷᠭ᠎ᠠ ᠪᠠᠷᠢᠯ ᠬᠢᠬᠡᠳ ᠠᠷᠠᠳ ᠲᠤ ᠠᠰᠢᠭ ᠬᠦᠷᠳᠡᠭᠡᠬᠦ ᠠᠷᠭ᠎ᠠ ᠬᠡᠯᠪᠡᠷᠢ ᠲᠡᠭᠡᠷ᠎ᠠ ᠰᠢᠨ᠎ᠡ ᠶᠢ ᠡᠭᠦᠳᠬᠦ ᠶᠢ ᠴᠢᠬᠤᠯᠠᠴᠢᠯᠠᠵᠠᠢ᠃ ᠲᠤᠰ ᠤᠳᠠᠭᠠᠨ ᠤ ᠳᠠᠯ᠎ᠠ ᠨᠤᠳᠤᠭ ᠤᠨ ᠰᠤᠶᠤᠯ ᠤᠨ ᠨᠠᠶᠢᠷ ᠨᠢ ᠠᠭᠤᠯᠭ᠎ᠠ ᠬᠡᠯᠪᠡᠷᠢ ᠨᠢ ᠰᠢᠨ᠎ᠡ ᠮᠦᠷᠳᠡᠭᠡᠨ ᠡᠯᠪᠡᠭ᠂ ᠤᠨᠴᠠᠯᠢᠭ ᠢᠶᠠᠷ ᠲᠤᠪᠤᠶᠢᠮ᠎ᠠ᠂ ᠬᠢᠯᠡᠰ ᠴᠡᠭ ᠤᠯᠠᠨ᠂ ᠤᠯᠠᠮᠵᠢᠯᠠᠯᠳᠤ ᠰᠤᠩᠭᠤᠳᠠᠭ ᠲᠦᠷᠦᠯ ᠵᠦᠢᠯ  ᠪᠡ ᠰᠢᠨ᠎ᠡ ᠶᠢ ᠡᠭᠦᠳᠦᠭᠰᠡᠨ ᠲᠦᠷᠦᠯ ᠵᠦᠢᠯ ᠢ ᠬᠠᠪᠰᠤᠷᠭᠠᠵᠤ᠂ ᠤᠷᠤᠨ ᠤ ᠳᠤᠳᠤᠨ᠎ᠠ ᠭᠠᠳᠠᠨᠠᠬᠢ ᠰᠢᠯᠢᠳᠡᠭ ᠪᠦᠳᠦᠭᠡᠯ ᠤᠳ ᠢ ᠤᠷᠤᠭᠤᠯᠵᠤ᠂ ᠴᠠᠭ ᠦᠶ᠎ᠡ ᠶᠢᠨ ᠭᠤᠤᠯ ᠰᠡᠳᠦᠪ ᠲᠠᠢ ᠨᠡᠶᠢᠴᠡᠬᠦ ᠮᠦᠷᠳᠡᠭᠡᠨ ᠪᠠᠰᠠ ᠠᠷᠠᠳ ᠲᠦᠮᠡᠨ ᠤ ᠰᠤᠶᠤᠯ ᠤᠨ ᠬᠦᠰᠡᠯ ᠱᠠᠭᠠᠷᠳᠠᠯᠭ᠎ᠠ ᠶᠢ ᠬᠠᠩᠭᠠᠵᠤ ᠳᠡᠶᠢᠯᠬᠦ ᠦᠪᠡᠳᠡᠭᠰᠢ ᠶᠡᠭᠡ ᠰᠤᠶᠤᠯ ᠤᠨ ᠨᠠᠶᠢᠷ ᠪᠤᠯᠭᠠᠬᠤ ᠶᠢ ᠵᠤᠷᠢᠬᠰᠠᠨ ᠪᠠᠶᠢᠨ᠎ᠠ᠃


ᠢᠷᠡᠯᠳᠡ : 

ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ ᠠ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ