5 ᠰᠠᠷ᠎ᠠ ᠶᠢᠨ 30 ᠤ ᠡᠳᠦᠷ ᠤᠨ ᠦᠳᠡ ᠡᠴᠡ ᠡᠮᠦᠨ᠎ᠠ᠂ ᠬᠡᠤᠬᠡᠳ ᠤᠨ ᠲᠦᠷᠦᠯᠬᠢ ᠵᠢᠷᠦᠬᠡᠨ ᠤ ᠡᠪᠡᠳᠴᠢᠨ ᠢ ᠲᠦᠯᠦᠪᠦᠷᠢ ᠦᠬᠡᠢ ᠪᠡᠷ ᠰᠢᠭᠰᠢᠵᠦ ᠪᠠᠶᠢᠴᠠᠭᠠᠬᠤ ᠨᠡᠶᠢᠲᠠ ᠶᠢᠨ ᠬᠠᠯᠠᠮᠵᠢ ᠶᠢᠨ ᠠᠵᠢᠯᠯᠠᠭ᠎ᠠ ᠥᠪᠦᠷ ᠮᠣᠩ᠋ᠭᠤᠯ ᠤᠨ ᠠᠵᠢᠯᠲᠠᠨ ᠤ ᠬᠡᠷ ᠪᠦᠯᠢ ᠶᠢᠨ ᠬᠢᠨ ᠳᠤ ᠡᠬᠢᠯᠡᠪᠡ᠃

 ᠥᠪᠦᠷ ᠮᠣᠩᠭᠤᠯ ᠤᠨ ᠥᠪᠡᠷᠲᠡᠬᠡᠨ ᠵᠠᠰᠠᠬᠤ ᠤᠷᠤᠨ ᠵᠢᠯ ᠪᠤᠯᠭᠠᠨ 1-2 ᠠᠶᠢᠮᠠᠭ ᠬᠤᠲᠠ ᠳᠤ ᠬᠡᠤᠬᠡᠳ ᠤᠨ ᠲᠦᠷᠦᠯᠬᠢ ᠵᠢᠷᠦᠬᠡᠨ ᠤ ᠡᠪᠡᠳᠴᠢᠨ ᠢ ᠰᠢᠭᠰᠢᠵᠦ ᠪᠠᠶᠢᠴᠠᠭᠠᠬᠤ ᠠᠵᠢᠯᠯᠠᠭ᠎ᠠ ᠦᠷᠨᠢᠭᠦᠯᠳᠡᠭ ᠶᠤᠮ᠂ ᠥᠨᠥ ᠵᠢᠯ ᠲᠤᠰ ᠪᠠᠶᠢᠴᠠᠭᠠᠯᠲᠠ ᠪᠡᠨ ᠤᠷᠢᠳᠠᠪᠠᠷ ᠬᠦᠬᠡᠬᠤᠲᠠ ᠳᠤ ᠶᠠᠪᠤᠭᠳᠠᠭᠤᠯᠤᠭᠰᠠᠨ ᠪᠠᠶᠢᠨ᠎ᠠ᠃ ᠬᠤᠯᠪᠤᠭᠳᠠᠯ ᠪᠦᠬᠦᠢ ᠮᠡᠳᠡᠭᠳᠡᠯ ᠢ ᠦᠨᠳᠦᠰᠦᠯᠡᠪᠡᠯ᠂ ᠥᠪᠦᠷ ᠮᠣᠩᠭᠤᠯ ᠤᠨ ᠥᠪᠡᠷᠲᠡᠬᠡᠨ ᠵᠠᠰᠠᠬᠤ ᠤᠷᠤᠨ ᠥᠨᠥ ᠵᠢᠯ ᠤᠨ 6 ᠰᠠᠷ᠎ᠠ ᠡᠴᠡ 12 ᠰᠠᠷ᠎ᠠ ᠪᠤᠯᠲᠠᠯ᠎ᠠ ᠡᠯ᠎ᠠ ᠬᠤᠰᠢᠭᠤ ᠰᠢᠶᠠᠨ ᠲᠤᠭᠤᠷᠢᠭ ᠤᠨ 0 – 14 ᠪᠦᠬᠦᠯᠢ ᠨᠠᠰᠤᠨ ᠤ ᠬᠡᠤᠬᠡᠳ ᠤᠳ ᠲᠤ ᠪᠠᠶᠢᠴᠠᠭᠠᠯᠲᠠ ᠬᠢᠬᠦ ᠪᠡᠷ ᠲᠦᠯᠦᠪᠯᠡᠵᠤ ᠪᠤᠢ᠃ ᠪᠠᠶᠢᠴᠠᠭᠠᠯᠲᠠ ᠪᠡᠷ ᠳᠠᠮᠵᠢᠭᠠᠳ ᠲᠦᠷᠦᠯᠬᠢ ᠵᠢᠷᠦᠬᠡᠨ ᠤ ᠡᠪᠡᠳᠴᠢᠨ ᠲᠠᠢ ᠢᠢ ᠨᠢ ᠤᠨᠤᠰᠢᠯᠠᠵᠤ ᠮᠡᠰᠡ ᠵᠠᠰᠠᠯ ᠬᠢᠬᠦ ᠨᠦᠬᠦᠴᠡᠯ ᠳᠤ ᠬᠦᠷᠦᠭᠰᠡᠳ ᠢ ᠥᠪᠦᠷ ᠮᠣᠩᠭᠤᠯ ᠤᠨ ᠥᠪᠡᠷᠲᠡᠬᠡᠨ ᠵᠠᠰᠠᠬᠤ ᠤᠷᠤᠨ ᠤ ᠤᠯᠠᠭᠠᠨ ᠵᠠᠭᠠᠯᠮᠠᠶᠢᠲᠠᠨ ᠤ ᠨᠡᠶᠢᠬᠡᠮᠯᠢᠭ᠌ ᠲᠤ ᠮᠡᠳᠡᠬᠦᠯᠵᠦ᠂ 《ᠵᠢᠷᠦᠬᠡᠨ ᠤ ᠡᠷᠡᠬᠦᠯ ᠮᠡᠨᠳᠤ ᠶᠢᠨ ᠨᠡᠶᠢᠲᠠ ᠶᠢᠨ ᠬᠠᠯᠠᠮᠵᠢ ᠶᠢᠨ ᠠᠵᠢᠯᠯᠠᠭᠠᠨ ᠤ ᠬᠡᠷᠡᠭᠵᠢᠬᠦᠯᠬᠦ ᠲᠦᠰᠦᠯ》 ᠳ᠋ᠤ ᠤᠷᠤᠭᠤᠯᠤᠨ ᠡᠮᠴᠢᠯᠡᠬᠦᠯᠬᠦ ᠪᠤᠯᠤᠨ᠎ᠠ᠃


ᠢᠷᠡᠯᠳᠡ : 

ᠥᠪᠦᠷ ᠮᠣᠩᠭᠤᠯ ᠤᠨ ᠰᠣᠨᠢᠨ ᠮᠡᠳᠡᠬᠡᠨ ᠤ ᠨᠧᠲ    

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ