ᠤᠶᠢᠷ᠎ᠠ ᠳᠤ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠡᠷᠡᠬᠦᠯ ᠬᠠᠮᠠᠭᠠᠯᠠᠯ ᠤᠨ ᠰᠠᠯᠠᠭ᠎ᠠ ᠮᠦᠴᠢᠷ ᠡᠴᠡ ᠮᠡᠳᠡᠭᠳᠡᠯ ᠲᠠᠷᠬᠠᠭᠠᠵᠤ᠂ ᠡᠯ᠎ᠡ ᠠᠶᠢᠮᠠᠬ ᠬᠤᠳᠠ ᠶᠢᠨ ᠬᠡᠷ ᠪᠦᠯᠢ ᠶᠢᠨ ᠡᠮᠴᠢ ᠶᠢᠨ ᠤᠨᠯᠠᠶᠢᠨ ᠢᠶᠡᠷ ᠬᠡᠷ᠎ᠠ ᠪᠠᠶᠢᠭᠤᠯᠤᠨ ᠦᠢᠯᠡᠴᠢᠯᠡᠬᠦ ᠶᠢ ᠱᠠᠭᠠᠷᠳᠠᠵᠠᠢ᠃
ᠮᠡᠳᠡᠭᠳᠡᠯ ᠳᠤ᠂ 2018 ᠤᠨ ᠳᠤ ᠡᠯ᠎ᠡ ᠠᠶᠢᠮᠠᠭ ᠬᠤᠳᠠ App ᠤᠨᠯᠠᠶᠢᠨ ᠦᠢᠯᠡᠴᠢᠯᠡᠬᠡ ᠶᠢ ᠬᠡᠷᠡᠭᠵᠢᠬᠦᠯᠤᠨ ᠭᠤᠤᠯᠳᠠᠯᠭ᠎ᠠ ᠲᠠᠢ ᠬᠦᠮᠦᠰ ᠲᠤ ᠤᠷᠢᠳᠠᠪᠡᠷ ᠦᠢᠯᠡᠴᠢᠯᠡᠬᠡ ᠬᠠᠩᠭ᠋ᠠᠵᠤ᠂ ᠶᠠᠳᠠᠭᠤ ᠬᠦᠴᠢᠷᠳᠡᠯᠲᠡᠢ ᠬᠦᠮᠦᠨ ᠪᠤᠯᠤᠨ ᠲᠦᠯᠦᠪᠯᠡᠬᠡᠳᠤ ᠦᠷᠡᠵᠢᠯ ᠤᠨ ᠲᠤᠰᠬᠠᠢ ᠬᠡᠷ ᠪᠦᠯᠢ ᠶᠢᠨ ᠦᠢᠯᠡᠴᠢᠯᠡᠬᠡ ᠶᠢ ᠵᠤᠬᠢᠰᠲᠠᠢ ᠪᠡᠶᠡᠯᠡᠬᠦᠯᠵᠤ᠂ ᠡᠷᠡᠬᠦᠯ ᠮᠡᠨᠳᠤ ᠶᠢᠨ ᠬᠠᠮᠢᠶᠠᠷᠤᠯᠳᠠ ᠶᠢ ᠭᠤᠤᠯᠳᠠᠯᠭ᠎ᠠ ᠲᠠᠢ ᠬᠡᠷᠡᠭᠵᠢᠬᠦᠯᠵᠤ᠂ ᠬᠡᠷ᠎ᠡ ᠶᠢᠨ ᠦᠢᠯᠡᠴᠢᠯᠡᠬᠡᠨ ᠤ ᠨᠤᠷᠮ᠎ᠠ ᠶᠢ 100% ᠳᠤ ᠬᠦᠷᠬᠡᠬᠦ ᠶᠢ ᠪᠡᠶᠡᠯᠡᠬᠦᠯᠬᠦ ᠬᠡᠷᠡᠭᠲᠡᠢ᠃ ᠦᠪᠡᠷᠳᠡᠬᠡᠨ ᠵᠠᠰᠠᠬᠤ ᠤᠷᠤᠨ ᠤ ᠡᠷᠡᠬᠦᠯ ᠬᠠᠮᠠᠭᠠᠯᠠᠯ ᠤᠨ ᠰᠠᠯᠠᠭ᠎ᠠ ᠮᠦᠴᠢᠷ ᠤᠨ ᠰᠤᠳᠤᠯᠤᠨ ᠭᠠᠷᠭᠠᠭᠰᠠᠨ ᠬᠡᠷ ᠤᠨ ᠡᠮᠴᠢ ᠶᠢᠨ ᠬᠡᠷ᠎ᠡ ᠶᠢᠨ ᠦᠢᠯᠡᠴᠢᠯᠡᠬᠡᠨ ᠤ App ᠰᠢᠰᠲ᠋ᠧᠮ ᠢ ᠡᠯ᠎ᠡ ᠠᠶᠢᠮᠠᠬ ᠬᠤᠳᠠ ᠢᠳᠡᠪᠬᠢᠲᠡᠢ ᠬᠡᠷᠡᠭᠵᠢᠬᠦᠯᠵᠤ᠂ ᠬᠡᠷ ᠤᠨ ᠡᠮᠴᠢ ᠵᠢᠴᠢ ᠬᠡᠷ᠎ᠡ ᠲᠤᠭᠳᠠᠭᠰᠠᠨ ᠢᠷᠭᠡᠳ ᠤᠨ App ᠳ᠋ᠤ ᠪᠦᠷᠢᠳᠬᠡᠬᠦᠯᠬᠦ ᠠᠵᠢᠯ ᠢ ᠰᠠᠶᠢᠳᠤᠷ ᠬᠢᠬᠦ ᠬᠡᠷᠡᠭᠲᠡᠢ᠃ ᠡᠯ᠎ᠡ ᠭᠠᠵᠠᠷ ᠤᠨ ᠬᠢᠨ ᠬᠡᠷ ᠤᠨ ᠡᠮᠴᠢ ᠶᠢᠨ ᠬᠡᠷ᠎ᠡ ᠶᠢᠨ ᠦᠢᠯᠡᠴᠢᠯᠡᠬᠡᠨ ᠤ ᠰᠤᠷᠠᠭ ᠵᠠᠩᠬᠢ ᠶᠢᠨ ᠰᠢᠰᠲ᠋ᠧᠮ ᠪᠤᠯᠤᠨ ᠦᠨᠳᠤᠰᠦᠨ ᠨᠡᠶᠢᠳᠡ ᠶᠢᠨ ᠡᠷᠡᠬᠦᠯ ᠬᠠᠮᠠᠭᠠᠯᠠᠯ᠂ ᠦᠨᠳᠤᠰᠦᠨ ᠡᠮᠴᠢᠯᠡᠬᠡ᠂ ᠡᠮᠴᠢᠯᠡᠬᠡᠨ ᠤ ᠲᠠᠭᠠᠳᠬᠠᠯ ᠵᠡᠷᠬᠡ ᠰᠤᠷᠠᠭ ᠵᠠᠩᠬᠢ ᠶᠢᠨ ᠰᠢᠰᠲ᠋ᠧᠮ ᠤᠨ ᠨᠧᠲ ᠬᠤᠯᠪᠤᠭᠳᠠᠬᠤ ᠠᠵᠢᠯ ᠢᠶᠡᠨ ᠴᠢᠩᠭ᠋ᠠᠳᠬᠠᠵᠤ᠂ ᠬᠡᠷ᠎ᠡ ᠶᠢᠨ ᠦᠢᠯᠡᠴᠢᠯᠡᠬᠡᠨ ᠤ ᠰᠢᠰᠲ᠋ᠧᠮ ᠪᠤᠯᠤᠨ ᠬᠤᠯᠪᠤᠭᠳᠠᠯ ᠪᠦᠬᠦᠢ ᠰᠤᠷᠠᠭ ᠵᠠᠩᠬᠢ ᠶᠢ ᠨᠡᠶᠢᠳᠬᠡᠬᠦ ᠪᠤᠯᠤᠨ ᠬᠤᠪᠢᠶᠠᠯᠴᠠᠬᠤ ᠶᠢ ᠪᠡᠶᠡᠯᠡᠬᠦᠯᠬᠦ ᠬᠡᠷᠡᠭᠲᠡᠢ ᠭᠡᠵᠤ ᠱᠠᠭᠠᠷᠳᠠᠭᠰᠠᠨ ᠪᠠᠶᠢᠨ᠎ᠠ᠃
ᠮᠡᠳᠡᠭᠳᠡᠯ ᠳᠤ᠂ ᠦᠪᠡᠷᠳᠡᠬᠡᠨ ᠵᠠᠰᠠᠬᠤ ᠤᠷᠤᠨ ᠬᠡᠷ ᠪᠦᠯᠢ ᠶᠢᠨ ᠬᠡᠷ᠎ᠡ ᠶᠢᠨ ᠦᠢᠯᠡᠴᠢᠯᠡᠬᠡ ᠶᠢᠨ ᠠᠵᠢᠯ ᠢᠶᠡᠨ ᠲᠤᠭᠤᠰᠢᠯᠠᠭᠤᠯᠤᠭᠰᠠᠨ ᠪᠠᠶᠢᠳᠠᠯ ᠢ ᠡᠯ᠎ᠡ ᠠᠶᠢᠮᠠᠭ ᠬᠤᠳᠠ ᠶᠢᠨ ᠨᠠᠮ ᠵᠠᠰᠠᠭ ᠤᠨ ᠤᠳᠤᠷᠢᠳᠬᠤ ᠪᠠᠭ ᠤᠨ ᠤᠨ ᠤ ᠰᠢᠯᠭᠠᠯᠳᠠ ᠶᠢᠨ ᠬᠦᠷᠢᠶᠡᠨ ᠳᠤ ᠤᠷᠤᠭᠤᠯᠬᠤ ᠪᠡᠷ ᠲᠤᠷᠠᠳᠪᠠ᠃
ᠢᠷᠡᠯᠳᠡ :
ᠡᠷᠡᠬᠦᠯ ᠮᠡᠨᠳᠤ ᠶᠢᠨ ᠰᠤᠨᠢᠨ
ᠮᠧᠡᠭ ᠰᠢᠶᠠᠡᠭ ᠳ᠋ᠦᠡᠭ ᠸᠢᠴᠠᠲ ᠤᠨ ᠨᠡᠶᠢᠳᠡ ᠶᠢᠨ ᠲᠠᠪᠴᠠᠡᠭ
ᠦᠪᠦᠷ ᠮᠤᠡᠭᠭᠤᠯ ᠤᠨ ᠪᠦᠬᠦ ᠠᠷᠠᠳ ᠢᠶᠡᠷ ᠢᠶᠡᠨ ᠪᠡᠶ᠎ᠡ ᠪᠡᠨ ᠴᠢᠬᠢᠷᠠᠬᠵᠢᠭᠤᠯᠬᠤ ᠨᠡᠶᠢᠳᠡ ᠶᠢᠨ ᠦᠢᠯᠡᠴᠢᠯᠡᠭᠡᠨ ᠤ ᠲᠠᠪᠴᠠᠡᠭ
ᠮᠧᠡᠭ ᠰᠢᠶᠠᠡᠭ ᠳ᠋ᠦᠡᠭ APP
ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ
ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ
ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ