ᠤᠶᠢᠷ᠎ᠠ ᠶᠢᠨ ᠡᠳᠦᠷ᠂ ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠶᠢᠰᠦᠳᠦᠭᠡᠷ ᠬᠤᠭᠤᠴᠠᠭᠠᠨ ᠤ ᠴᠦᠬᠡᠨ ᠲᠤᠭᠠᠳᠦ ᠦᠨᠳᠦᠰᠦᠲᠡᠨ ᠤ ᠪᠡᠶ᠎ᠡ ᠶᠢᠨ ᠲᠠᠮᠢᠷ ᠤᠨ ᠴᠤᠬᠯᠠᠭᠠᠨ ᠤ ᠰᠦᠯᠳᠡ ᠪᠤᠯᠤᠨ ᠦᠯᠵᠡᠶᠢᠲᠦ ᠠᠮᠢᠳᠠᠨ ᠢ ᠨᠢᠭᠡᠨᠳᠠ ᠲᠤᠬᠳᠠᠵᠦ᠂ ᠡᠭᠦᠨ ᠳ᠋ᠦ ᠦᠨᠳᠦᠰᠦᠲᠡᠨ ᠨᠤᠭᠦᠳ ᠤᠨ ᠠᠷᠠᠳ ᠲᠦᠮᠡᠨ ᠤ ᠪᠦᠯᠬᠦᠮᠳᠡᠨ ᠨᠢᠬᠲᠠᠷᠠᠵᠦ ᠬᠠᠮᠳᠤᠪᠠᠷ ᠤᠷᠤᠬᠰᠢᠯᠠᠵᠦ ᠪᠠᠶᠢᠭ᠎ᠠ ᠤᠳᠬ᠎ᠠ ᠰᠠᠨᠠᠭ᠎ᠠ︉ ᠶᠢ ᠳᠤᠰᠬᠠᠵᠠᠢ᠃ 2016 ᠤᠨ ᠤ 6 ᠰᠠᠷ᠎ᠠ ᠶᠢᠨ 22 ᠤᠨ ᠡᠳᠦᠷ ᠡᠴᠡ ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠶᠢᠰᠦᠳᠦᠭᠡᠷ ᠬᠤᠭᠤᠴᠠᠭᠠᠨ ᠤ ᠴᠦᠬᠡᠨ ᠲᠤᠭᠠᠳᠦ ᠦᠨᠳᠦᠰᠦᠲᠡᠨ ᠤ ᠤᠯᠠᠮᠵᠢᠯᠠᠯᠲᠦ ᠪᠡᠶ᠎ᠡ ᠶᠢᠨ ᠲᠠᠮᠢᠷ ᠤᠨ ᠴᠤᠬᠯᠠᠭᠠᠨ ᠤ ᠰᠦᠯᠳᠡ᠂ ᠦᠯᠵᠡᠶᠢᠲᠦ ᠠᠮᠢᠳᠠᠨ ᠢ ᠡᠯᠰᠡᠬᠦ ᠠᠵᠢᠯ ᠡᠬᠢᠯᠡᠭᠰᠡᠨ ᠡᠴᠡ ᠨᠠᠰᠢ᠂ ᠪᠦᠬᠦ ᠤᠯᠤᠰ ᠤᠨ ᠡᠯ᠎ᠡ ᠭᠠᠵᠠᠷ᠂ ᠨᠡᠶᠢᠭᠡᠮ ᠤᠨ ᠡᠯ᠎ᠡ ᠡᠳᠡᠭᠡᠳ ᠡᠴᠡ ᠢᠳᠡᠪᠬᠢᠲᠡᠢ ᠪᠡᠷ ᠪᠦᠳᠦᠭᠡᠯ ᠢᠶᠡᠨ ᠲᠡᠪᠰᠢᠭᠦᠯᠪᠡ᠂ ᠰᠦᠯᠵᠢᠶᠡᠨ ᠲᠡᠭᠡᠷ᠎ᠡ ᠪᠢᠯᠧᠲ ᠦᠭᠬᠦ ᠪᠠ ᠲᠤᠰᠬᠠᠢ ᠮᠡᠷᠭᠡᠵᠢᠯᠳᠡᠳ ᠤᠨ ᠬᠢᠨᠠᠨ ᠰᠤᠡᠭᠭᠤᠯᠳᠠ ᠶᠢ ᠲᠠᠮᠵᠢᠵᠦ᠂ ᠲᠠᠭᠠᠭᠠᠴᠢᠯᠠᠨ ᠡᠷᠬᠢᠯᠡᠭᠰᠡᠨ ᠤᠳᠤᠷᠢᠳᠬᠤ ᠲᠤᠭᠤᠶᠢᠯᠠᠡᠭ ᠤᠨ ᠠᠯᠪᠠᠨ ᠭᠡᠷ ᠡᠴᠡ ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠶᠢᠰᠦᠳᠦᠭᠡᠷ ᠬᠤᠭᠤᠴᠠᠭᠠᠨ ᠤ ᠵᠤᠬᠢᠶᠠᠨ ᠪᠠᠶᠢᠭᠤᠯᠬᠤ ᠵᠦᠪᠯᠡᠯ ᠳ᠋ᠦ ᠮᠡᠳᠡᠭᠦᠯᠦᠨ ᠵᠦᠪᠰᠢᠶᠡᠷᠡᠭᠦᠯᠦᠭᠰᠡᠨ ᠤ ᠳ᠋ᠦᠡᠭ ᠳ᠋ᠦ ᠭᠤᠧᠠᠡᠭᠵᠧᠦ ᠬᠤᠳᠠ ᠶᠢᠨ ᠵᠢᠨ ᠢ ᠾᠧ ᠵᠠᠷ ᠮᠡᠳᠡᠭᠡ ᠶᠢᠨ ᠬᠢᠵᠠᠭᠠᠷᠲᠦ ᠺᠤᠮᠫᠠᠨᠢ ᠶᠢᠨ ᠸᠠᠡᠭ ᠱᠧᠦ ᠲᠤᠤ ᠪᠡᠷ ᠲᠤᠰ ᠤᠳᠠᠭᠠᠨ ᠤ ᠪᠡᠶ᠎ᠡ ᠶᠢᠨ ᠲᠠᠮᠢᠷ ᠤᠨ ᠴᠤᠬᠯᠠᠭᠠᠨ ᠤ ᠰᠦᠯᠳᠡ ᠪᠤᠯᠤᠨ ᠦᠯᠵᠡᠶᠢᠲᠦ ᠠᠮᠢᠳᠠᠨ ᠢ ᠬᠢᠯᠭᠡᠬᠦ ᠪᠡᠷ ᠲᠤᠬᠳᠠᠬᠰᠠᠨ ᠪᠠᠶᠢᠨ᠎ᠠ᠃
ᠴᠤᠬᠯᠠᠭᠠᠨ ᠤ ᠰᠦᠯᠳᠡ︽ᠲᠡᠭᠦᠯᠢᠯᠳᠡ︾ᠨᠢ ᠳᠤᠮᠳᠠᠳᠦ ᠤᠯᠤᠰ ᠤᠨ ᠤᠯᠠᠮᠵᠢᠯᠠᠯᠲᠦ ᠤᠷᠠᠨ ᠪᠢᠴᠢᠯᠭᠡ ᠶᠢᠨ ᠬᠡᠯᠪᠡᠷᠢ ᠪᠡᠷ ᠠᠷᠠᠪ ᠲᠤᠭ᠎ᠠ ᠶᠢᠨ︽9︾ᠪᠤᠯᠤᠨ ᠲᠡᠭᠦᠯᠢᠨ ᠨᠢᠰᠴᠦ ᠪᠠᠶᠢᠭ᠎ᠠ ᠬᠤᠨ ᠭᠠᠯᠠᠭᠤ ᠶᠢᠨ ᠬᠡᠯᠪᠡᠷᠢ ᠲᠦᠷᠰᠦ ᠶᠢ ᠬᠠᠮᠳᠤᠳᠬᠠᠵᠦ᠂ ᠡᠭᠦᠨ ᠢᠶᠡᠷ ᠰᠦᠯᠳᠡ ᠶᠢᠨ ᠬᠡᠯᠪᠡᠷᠢ ᠲᠦᠷᠰᠦ ᠶᠢᠨ ᠰᠠᠭᠤᠷᠢ ᠪᠤᠯᠭᠠᠵᠦ᠂ ᠪᠦᠬᠦᠢᠢᠯᠡ ᠦᠡᠭᠭᠡ ᠨᠢ ︽ᠤᠯᠠᠭᠠᠨ︾︵ᠨᠠᠷᠠ᠂ ᠭᠠᠯ︶᠂ ︽ᠬᠦᠬᠡ︾︵ᠤᠬᠲᠠᠷᠭᠤᠢ︶᠂︽ᠨᠤᠭᠤᠭᠠᠨ︾︵ᠲᠠᠯ᠎ᠠ ᠨᠤᠳᠤᠬ︶᠂︽ᠬᠦᠭᠡᠮᠳᠦᠭ︾ ︵ᠨᠠᠭᠤᠷ︶ ᠦᠡᠭᠭᠡ ᠪᠡᠷ ᠪᠦᠷᠢᠯᠳᠦᠵᠦ᠂ ᠬᠦᠯᠦᠨ ᠪᠤᠶᠢᠷ ᠤᠨ ᠬᠦᠬᠡ ᠤᠬᠲᠠᠷᠭᠤᠢ᠂ ᠬᠦᠭᠡᠮᠳᠦᠭ ᠤᠰᠤ᠂ ᠨᠤᠭᠤᠭᠠᠨ ᠲᠠᠯ᠎ᠠ ᠲᠠᠢ ᠦᠵᠡᠰᠭᠦᠯᠡᠡᠭᠲᠦ ᠰᠠᠶᠢᠬᠠᠨ ᠠᠮᠢ ᠠᠬᠤᠢ ᠶᠢ ᠬᠠᠷᠠᠭᠤᠯᠵᠠᠢ᠃ ᠡᠭᠦᠨ ᠤ ᠬᠠᠮᠳᠦ᠂ ᠬᠤᠨ ᠭᠠᠯᠠᠭᠤ ᠶᠢᠨ ᠵᠢᠭᠦᠷ ᠢᠶᠡᠨ ᠲᠡᠯᠭᠡᠨ ᠲᠡᠭᠦᠯᠢᠨ ᠨᠢᠰᠴᠦ ᠪᠠᠶᠢᠭ᠎ᠠ ᠨᠢ ᠨᠠᠷᠠ ᠶᠢ ᠡᠷᠭᠦᠵᠦ ᠪᠠᠶᠢᠭ᠎ᠠ ᠮᠡᠳᠦ ᠪᠠᠶᠢᠵᠦ᠂ ᠦᠨᠳᠦᠰᠦᠲᠡᠨ ᠨᠤᠭᠦᠳ ᠤᠨ ︽ᠬᠠᠮᠳᠤᠪᠡᠷ ᠪᠦᠯᠬᠦᠮᠳᠡᠨ ᠲᠡᠮᠡᠴᠡᠵᠦ᠂ ᠬᠠᠮᠳᠤᠪᠡᠷ ᠴᠡᠴᠡᠭᠯᠡᠨ ᠬᠦᠭᠵᠢᠬᠦ︾ ᠤᠳᠬ᠎ᠠ ᠰᠠᠨᠠᠭ᠎ᠠ ᠶᠢ ᠠᠬᠤᠭᠤᠯᠤᠬᠰᠠᠨ ᠪᠠᠶᠢᠨ᠎ᠠ᠃ ᠦᠯᠵᠡᠶᠢᠲᠦ ᠠᠮᠢᠳᠠᠨ ︽ᠬᠦᠯᠦᠨ︾ ᠭᠡᠮᠡᠭᠳᠡᠭᠰᠡᠨ ᠠᠵᠢᠨᠠᠢ ᠬᠦᠯᠦᠭ ᠨᠢ ᠡᠬᠡ ᠭᠠᠵᠠᠷ ᠪᠤᠯᠤᠨ ᠲᠠᠯ᠎ᠠ ᠨᠤᠳᠤᠬ ᠢ ᠪᠡᠯᠭᠡᠳᠡᠵᠦ᠂ ᠬᠠᠮᠳᠤᠪᠡᠷ ᠪᠦᠯᠬᠦᠮᠳᠡᠨ ᠲᠡᠪᠰᠢᠬᠦ ᠤᠳᠬ᠎ᠠ ᠰᠠᠨᠠᠭ᠎ᠠ ᠶᠢ ᠪᠠᠬᠳᠠᠭᠠᠪᠠ᠃ ᠨᠦᠭᠦᠭᠡ ︽ᠪᠤᠶᠢᠷ︾ᠭᠡᠳᠡᠭ ᠬᠤᠨ ᠭᠠᠯᠠᠭᠤ ᠨᠢ ᠬᠦᠬᠡ ᠲᠡᠭᠷᠢ ᠪᠤᠯᠤᠨ ᠴᠡᠡᠭᠭᠡᠭ ᠨᠠᠭᠤᠷ ᠢ ᠪᠡᠯᠭᠡᠳᠡᠵᠦ᠂ ᠬᠠᠮᠳᠤᠪᠡᠷ ᠴᠡᠴᠡᠭᠯᠡᠨ ᠬᠦᠭᠵᠢᠬᠦ ᠰᠠᠨᠠᠭ᠎ᠠ ᠶᠢ ᠢᠯᠡᠳᠭᠡᠪᠡ᠃ ᠮᠤᠡᠭᠭᠤᠯ ᠦᠨᠳᠦᠰᠦᠲᠡᠨ ᠤ ᠬᠤᠪᠴᠠᠰᠦ ᠵᠠᠰᠠᠯ ᠲᠠᠢ ︽ᠬᠦᠯᠦᠨ︾ᠪᠤᠯᠤᠨ ︽ᠪᠤᠶᠢᠷ︾ ᠤᠨ ᠵᠢᠷᠤᠬ ᠲᠦᠯᠦᠪᠯᠡᠭᠡ ᠨᠢ ᠬᠦᠮᠦᠨᠴᠢ ᠴᠢᠨᠠᠷᠲᠠᠢ ᠪᠤᠯᠤᠬᠰᠠᠨ ᠢᠶᠡᠷ ᠪᠠᠷᠠᠬᠤ ᠦᠭᠡᠢ ᠪᠠᠶᠠᠷ ᠪᠠᠶᠠᠰᠤᠯᠲᠦ ᠤᠷᠤᠯᠳᠤᠭᠠᠨ ᠤ ᠤᠷᠴᠢᠨ ᠢ ᠲᠤᠰᠬᠠᠵᠦ᠂ ᠴᠠᠬ ᠦᠶᠡᠴᠢ ᠴᠢᠨᠠᠷ ᠢ ᠪᠠᠶᠠᠯᠢᠬ ᠬᠠᠷᠠᠭᠤᠯᠪᠠ᠃ ᠦᠪᠦᠷ ᠮᠤᠡᠭᠭᠤᠯ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ᠂ ᠦᠪᠦᠷ ᠮᠤᠡᠭᠭᠤᠯ ᠤᠨ ᠪᠡᠶ᠎ᠡ ᠶᠢᠨ ᠲᠠᠮᠢᠷ ᠤᠨ ᠲᠤᠪᠴᠢᠶ᠎ᠡ ᠡᠴᠡ ᠭᠤᠤᠯᠯᠠᠨ ᠡᠷᠬᠢᠯᠡᠵᠦ᠂ ᠬᠦᠯᠦᠨ ᠪᠤᠶᠢᠷ ᠬᠤᠳᠠ ᠶᠢᠨ ᠵᠠᠰᠠᠬ ᠤᠨ ᠤᠷᠳᠤᠨ ᠡᠴᠡ ᠲᠠᠭᠠᠭᠠᠴᠢᠯᠠᠨ ᠡᠷᠬᠢᠯᠡᠬᠦ ᠪᠡᠷ ᠪᠠᠶᠢᠭ᠎ᠠ ᠦᠪᠦᠷ ᠮᠤᠡᠭᠭᠤᠯ ᠤᠨ ᠦᠪᠡᠷᠳᠡᠭᠡᠨ ᠵᠠᠰᠠᠬᠤ ᠤᠷᠤᠨ ᠤ ᠶᠢᠰᠦᠳᠦᠭᠡᠷ ᠬᠤᠭᠤᠴᠠᠭᠠᠨ ᠤ ᠴᠦᠬᠡᠨ ᠲᠤᠭᠠᠳᠦ ᠦᠨᠳᠦᠰᠦᠳᠡᠨ ᠤ ᠤᠯᠠᠮᠵᠢᠯᠠᠯᠲᠦ ᠪᠡᠶ᠎ᠡ ᠶᠢᠨ ᠲᠠᠮᠢᠷ ᠤᠨ ᠴᠤᠬᠯᠠᠭᠠᠨ ᠨᠢ ᠡᠨᠡ ᠵᠢᠯ ᠤᠨ 7 ᠰᠠᠷ᠎ᠠ ᠳ᠋ᠦ ᠬᠦᠯᠦᠨ ᠪᠤᠶᠢᠷ ᠬᠤᠳᠠ ᠳ᠋ᠦ ᠦᠪᠡᠳᠡᠭᠰᠢ ᠶᠡᠬᠡᠪᠡᠷ ᠶᠠᠪᠤᠬᠳᠠᠬᠤ ᠪᠤᠯᠤᠨ᠎ᠠ᠃
ᠮᠧᠡᠭ ᠰᠢᠶᠠᠡᠭ ᠳ᠋ᠦᠡᠭ ᠸᠢᠴᠠᠲ ᠤᠨ ᠨᠡᠶᠢᠳᠡ ᠶᠢᠨ ᠲᠠᠪᠴᠠᠡᠭ
ᠦᠪᠦᠷ ᠮᠤᠡᠭᠭᠤᠯ ᠤᠨ ᠪᠦᠬᠦ ᠠᠷᠠᠳ ᠢᠶᠡᠷ ᠢᠶᠡᠨ ᠪᠡᠶ᠎ᠡ ᠪᠡᠨ ᠴᠢᠬᠢᠷᠠᠬᠵᠢᠭᠤᠯᠬᠤ ᠨᠡᠶᠢᠳᠡ ᠶᠢᠨ ᠦᠢᠯᠡᠴᠢᠯᠡᠭᠡᠨ ᠤ ᠲᠠᠪᠴᠠᠡᠭ
ᠮᠧᠡᠭ ᠰᠢᠶᠠᠡᠭ ᠳ᠋ᠦᠡᠭ APP
ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ
ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ
ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ