ᠦᠪᠦᠷ ᠮᠤᠡᠭᠭᠤᠯ ᠤᠨ ᠦᠪᠡᠷᠳᠡᠭᠡᠨ ᠵᠠᠰᠠᠬᠤ ᠤᠷᠤᠨ ᠤ ᠶᠢᠰᠦᠳᠦᠭᠡᠷ ᠬᠤᠭᠤᠴᠠᠭᠠᠨ ᠤ ᠦᠨᠳᠦᠰᠦᠲᠡᠨ ᠤ ᠤᠯᠠᠮᠵᠢᠯᠠᠯᠲᠦ ᠪᠡᠶ᠎ᠡ ᠶᠢᠨ ᠲᠠᠮᠢᠷ ᠤᠨ ᠴᠤᠬᠯᠠᠭᠠᠨ 7 ᠰᠠᠷ ᠠ ᠶᠢᠨ 12 ᠡᠴᠡ 15 ᠤ ᠡᠳᠦᠷ ᠪᠤᠯᠳᠠᠯ᠎ᠠ ᠬᠦᠯᠦᠨ ᠪᠤᠶᠢᠷ ᠬᠤᠳᠠ ᠳ᠋ᠦ ᠶᠠᠪᠤᠬᠳᠠᠨ᠎ᠠ᠃

   ᠲᠤᠰ ᠤᠳᠠᠭᠠᠨ ᠤ ᠴᠤᠬᠯᠠᠭᠠᠨ ᠳ᠋ᠦ ᠪᠦᠬᠦ ᠤᠷᠤᠨ ᠤ 12 ᠠᠶᠢᠮᠠᠬ ᠬᠤᠳᠠ ᠲᠦᠯᠦᠭᠡᠯᠡᠭᠴᠢᠳ ᠤᠨ ᠪᠦᠯᠬᠦᠮ ᠪᠠᠶᠢᠭᠤᠯᠤᠨ 14 ᠵᠦᠢᠯ ᠤᠨ ᠤᠷᠤᠯᠳᠤᠭᠠᠨ ᠪᠠ 3 ᠵᠦᠢᠯ ᠤᠨ ᠦᠵᠡᠭᠦᠯᠦᠯᠭᠡ ᠳ᠋ᠦ ᠤᠷᠤᠯᠴᠠᠨ᠎ᠠ᠃ ᠵᠢᠱᠢᠯᠲᠡ ᠪᠡᠷ ᠴᠤᠬᠯᠠᠭᠠᠨ ᠳ᠋ᠦ ᠢᠷᠡᠬᠦ ᠲᠠᠮᠢᠷᠴᠢᠨ᠂ ᠲᠠᠭᠠᠭᠤᠯᠤᠬᠴᠢ᠂ ᠰᠤᠷᠭᠠᠬᠴᠢ᠂ ᠬᠢᠨᠠᠬᠴᠢ ᠨᠡᠶᠢᠳᠡ 2500 ᠬᠦᠮᠦᠨ᠂ ᠨᠡᠭᠡᠭᠡᠯᠲᠡ ᠶᠢᠨ ᠶᠤᠰᠤᠯᠠᠯ ᠳ᠋ᠦ ᠤᠷᠤᠯᠴᠠᠬᠤ ᠬᠦᠮᠦᠨ ᠤ ᠲᠤᠭ᠎ᠠ 3 ᠲᠦᠮᠡ ᠢᠯᠡᠭᠦᠦ ᠪᠤᠯᠤᠨ᠎ᠠ᠃ ᠤᠳᠤ ᠡᠯ᠎ᠡ ᠵᠦᠢᠯ ᠤᠨ ᠪᠡᠯᠡᠳᠭᠡᠯ ᠠᠵᠢᠯ ᠢ ᠦᠨᠳᠦᠰᠦᠨ ᠳ᠋ᠡᠭᠡᠨ ᠬᠢᠵᠦ ᠲᠠᠭᠤᠰᠬᠠᠵᠠᠢ᠃

  ᠲᠤᠰ ᠬᠤᠭᠤᠴᠠᠭᠠᠨ ᠤ ᠦᠨᠳᠦᠰᠦᠲᠡᠨ ᠤ ᠤᠯᠠᠮᠵᠢᠯᠠᠯᠲᠦ ᠪᠡᠶ᠎ᠡ ᠶᠢᠨ ᠲᠠᠮᠢᠷ ᠤᠨ ᠴᠤᠬᠯᠠᠭᠠᠨ ᠨᠢ ︽ᠦᠵᠡᠮᠵᠢᠲᠦ ᠰᠠᠶᠢᠬᠠᠨ ᠲᠠᠯ᠎ᠠ ᠨᠤᠳᠤᠬ ᠲᠦ ᠴᠤᠬᠯᠠᠷᠠᠨ᠂ ᠦᠨᠳᠦᠰᠦᠲᠡᠨ ᠤ ᠦᠪᠡᠳᠡᠭᠰᠢ ᠬᠤᠷᠠᠯ ᠢᠶᠡᠨ ᠪᠡᠯᠭᠡᠯᠡᠬᠦ︾ᠪᠡᠷ ᠭᠤᠤᠯ ᠰᠡᠳᠦᠪ ᠪᠤᠯᠭᠠᠵᠦ᠂ ︽ᠦᠨᠳᠦᠰᠦᠲᠡᠨ ᠤ ᠪᠡᠶ᠎ᠡ ᠶᠢᠨ ᠲᠠᠮᠢᠷ ᠢ ᠬᠦᠭᠵᠢᠭᠦᠯᠦᠨ᠂ ᠦᠨᠳᠦᠰᠦᠲᠡᠨ ᠤ ᠪᠡᠶ᠎ᠡ ᠮᠠᠬᠠᠪᠤᠳ ᠢ ᠴᠢᠬᠢᠷᠠᠬᠵᠢᠭᠤᠯᠵᠦ᠂ ᠦᠨᠳᠦᠰᠦᠲᠡᠨ ᠤ ᠴᠤᠬ ᠰᠦᠯᠳᠡ ᠶᠢ ᠪᠠᠳᠠᠷᠠᠭᠤᠯᠤᠨ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ︾ᠪᠡᠷ ᠵᠤᠷᠢᠯᠳᠠ ᠪᠤᠯᠭᠠᠨ᠎ᠠ᠃ ᠲᠤᠰ ᠤᠳᠠᠭᠠᠨ ᠤ ᠴᠤᠬᠯᠠᠭᠠᠨ ᠨᠢ ︽ᠲᠡᠭᠦᠯᠢᠯᠲᠡ︾ᠪᠡᠷ ᠴᠤᠬᠯᠠᠭᠠᠨ ᠤ ᠰᠦᠯᠳᠡ ᠪᠤᠯᠭᠠᠵᠦ᠂ ︽ᠬᠦᠯᠦᠨ︾︽ᠪᠤᠶᠢᠷ︾ ᠢᠶᠡᠷ ᠦᠯᠵᠡᠶᠢᠲᠦ ᠡᠳ᠋ ᠪᠤᠯᠭᠠᠵᠦ᠂ ︽ᠪᠠᠶᠠᠷᠲᠦ ᠠᠭᠤᠯᠵᠠᠯᠲᠠ·ᠬᠦᠰᠡᠯᠡᠡᠭ ᠢᠶᠡᠨ ᠲᠡᠷᠭᠡᠯᠰᠢᠭᠦᠯᠬᠦ︾ᠪᠡᠷ ᠤᠬᠠᠭᠤᠯᠭ᠎ᠠ ᠶᠢᠨ ᠵᠢᠷᠤᠬ ᠪᠤᠯᠭᠠᠨ᠎ᠠ᠃

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ

ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ