ᠨᠠᠷᠠᠨ ᠲᠤᠶᠠᠭᠠᠷᠠᠵᠦ᠂ ᠨᠠᠪᠴᠢᠰ ᠢᠨᠢᠶᠡᠭᠰᠡᠨ 6 ᠰᠠᠷ᠎ᠠ ᠶᠢᠨ15 ᠤ ᠡᠳᠦᠷ᠂ ︵ᠪᠢᠯᠢᠭ︉ ᠤᠨ ᠤᠯᠠᠷᠢᠯ ᠤᠨ ᠲᠠᠪᠤᠨ ᠰᠠᠷ᠎ᠠ ᠶᠢᠨ ᠬᠤᠷᠢᠨ ᠨᠢᠭᠡᠨ︶᠂ ᠤᠯᠠᠭᠠᠬᠤᠳᠠ ᠶᠢᠨ ᠤᠯᠠᠭᠠᠨᠬᠠᠳᠠ ᠪᠠᠯᠭᠠᠰᠤᠨ ᠤ ᠤᠯᠠᠭᠠᠨᠬᠠᠳᠠ ᠭᠠᠴᠠᠭ᠎ᠠ ᠨᠤᠳᠤᠬ ᠤᠰᠤᠨ ᠤ ᠬᠤᠷ᠎ᠠ ᠪᠤᠷᠤᠭᠠᠨ ᠲᠡᠭᠰᠢ᠂ ᠲᠠᠪᠤᠨ ᠲᠠᠷᠢᠶ᠎ᠠ ᠲᠠᠡᠭᠰᠤᠬ ᠬᠤᠷᠢᠶᠠᠯᠳᠠ ᠲᠠᠢ ᠪᠤᠯᠬᠤ ᠶᠢ ᠬᠦᠰᠡᠨ ᠵᠦᠡᠭᠨᠡᠵᠦ᠂ ᠭᠤᠷᠪᠠᠳᠡᠬᠢ ᠤᠳᠠᠭᠠᠨ ᠤ ︽ᠮᠠᠨᠳᠤᠯ᠎ᠠ︾ᠤᠪᠤᠭ᠎ᠠ ᠶᠢ ᠲᠠᠬᠢᠬᠤ ᠶᠤᠰᠤᠯᠠᠯ ᠶᠠᠪᠤᠬᠳᠠᠭᠤᠯᠪᠠ᠃
ᠲᠤᠰ ᠤᠳᠠᠭᠠᠨ ᠤ ᠤᠪᠤᠭᠠᠨ ᠲᠠᠬᠢᠯᠭ᠎ᠠ ᠶᠢᠨ ᠶᠤᠰᠤᠯᠠᠯ ᠨᠢ ᠨᠡᠶᠢᠳᠡ ᠮᠤᠡᠭᠭᠤᠯᠴᠤᠳ ᠤᠨ ᠤᠪᠤᠭᠠᠨ ᠲᠠᠬᠢᠯᠭ᠎ᠠ ᠶᠢᠨ ᠵᠢᠷᠦᠮ ᠭᠤᠷᠢᠮ ᠪᠠ ᠤᠷᠤᠨ ᠨᠤᠳᠤᠬ ᠤᠨ ᠤᠪᠤᠭᠠᠨ ᠲᠠᠬᠢᠯᠭ᠎ᠠ ᠶᠢᠨ ᠲᠦᠷᠢᠮ ᠢ ᠤᠶᠠᠯᠳᠤᠭᠤᠯᠤᠨ ᠶᠠᠪᠤᠬᠳᠠᠭᠤᠯᠵᠦ᠂ ᠤᠪᠤᠭᠠᠨ ᠲᠠᠭᠠᠭᠠᠮᠠᠯ ᠮᠦᠷᠡᠨ ᠠᠪᠤᠭᠠᠢ ᠡᠴᠡ ᠲᠠᠬᠢᠯᠭ᠎ᠠ ᠶᠢᠨ ᠪᠢᠴᠢᠭ ᠤᠡᠭᠰᠢᠬᠤ᠂ ᠢᠷᠦᠭᠡᠯ ᠤᠨ ᠬᠠᠮᠳᠦ ᠬᠦᠵᠢ ᠡᠷᠭᠦᠬᠦ᠂ ᠬᠠᠳᠠᠬ ᠡᠷᠭᠦᠬᠦ᠂ ᠰᠢᠭᠦᠰᠦ ᠲᠡᠪᠰᠢᠭᠦᠯᠬᠦ᠂ ᠴᠠᠭᠠᠨ ᠢᠳᠡᠭᠡ ᠡᠷᠭᠦᠬᠦ᠂ ᠤᠪᠤᠭᠠᠨ ᠤ ᠮᠠᠬᠳᠠᠭᠠᠯ ᠤᠡᠭᠰᠢᠬᠤ ᠵᠡᠷᠭᠡ ᠤᠪᠤᠭᠠᠨ ᠲᠠᠬᠢᠯᠭ᠎ᠠ ᠶᠢᠨ ᠶᠠᠪᠤᠴᠠ ᠶᠢ ᠦᠡᠭᠭᠡᠷᠡᠭᠡᠭᠰᠡᠨ ᠤ ᠲᠠᠷᠠᠭ᠎ᠠ ᠬᠤᠯᠠ ᠤᠶᠢᠷ᠎ᠠ ᠶᠢᠨ ᠮᠦᠷᠭᠦᠯᠴᠢᠳ ᠡᠴᠡ ︽ᠮᠠᠨᠳᠤᠯ᠎ᠠ︾ᠤᠪᠤᠭ᠎ᠠ ᠶᠢ ᠨᠠᠷᠠᠨ ᠡᠷᠬᠢᠯᠲᠡ ᠪᠡᠷ ᠭᠤᠷᠪᠠᠨᠳᠠ ᠡᠷᠭᠢᠵᠦ᠂ ᠤᠪᠤᠭᠠᠨ ᠲᠠᠬᠢᠯᠭ᠎ᠠ ᠦᠨᠳᠦᠷᠯᠡᠪᠡ᠃ ᠲᠤᠰ ᠤᠳᠠᠭᠠᠨ ᠤ ᠤᠪᠤᠭᠠᠨ ᠲᠠᠬᠢᠯᠭ᠎ᠠ ᠶᠢ ᠡᠷᠬᠢᠯᠡᠭᠰᠡᠨ ᠤᠯᠠᠭᠠᠨᠬᠠᠳᠠ ᠭᠠᠴᠠᠭ᠎ᠠ ᠡᠴᠡ ᠲᠠᠬᠢᠯᠭ᠎ᠠ ᠶᠢᠨ ᠶᠤᠰᠤᠯᠠᠯ ᠢ ᠬᠦᠷ ᠬᠦᠭᠵᠢᠶᠡᠨ ᠲᠠᠢ᠂ ᠦᠨᠳᠦᠰᠦᠲᠡᠨ ᠤ ᠤᠨᠴᠠᠯᠢᠬ ᠲᠠᠢ ᠰᠠᠶᠢᠬᠠᠨ ᠶᠠᠪᠤᠬᠳᠠᠭᠤᠯᠬᠤ ᠶᠢᠨ ᠲᠦᠯᠦᠭᠡ ᠲᠠᠬᠢᠯᠭ᠎ᠠ ᠶᠢᠨ ᠲᠠᠷᠠᠭ᠎ᠠ ᠰᠤᠷ ᠬᠠᠷᠪᠤᠯᠲᠠ ᠶᠢᠨ ᠤᠷᠤᠯᠳᠤᠭᠠᠨ ᠶᠠᠪᠤᠬᠳᠠᠭᠤᠯᠤᠨ᠂ ᠠᠶᠢᠮᠠᠬ ᠤᠨ ᠰᠤᠷ ᠬᠠᠷᠪᠤᠯᠲᠠ ᠶᠢᠨ ᠨᠡᠶᠢᠭᠡᠮᠯᠢᠭ᠂ ᠤᠯᠠᠭᠠᠨᠬᠤᠳᠠ ᠪᠠ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠰᠤᠷ ᠬᠠᠷᠪᠤᠯᠲᠠ ᠶᠢᠨ ᠨᠡᠶᠢᠭᠡᠮᠯᠢᠭ ᠤᠨ 30 ᠭᠠᠷᠤᠢ ᠬᠦᠮᠦᠨ ᠤᠷᠤᠯᠴᠠᠵᠦ᠂ ᠪᠦᠬᠦᠢᠢᠯᠡ ᠲᠠᠬᠢᠯᠭ᠎ᠠ ᠶᠢᠨ ᠶᠤᠰᠤᠯᠠᠯ ᠢ ᠨᠢᠵᠢᠭᠢᠷ ᠰᠠᠶᠢᠬᠠᠨ ᠦᠯᠵᠡᠢ ᠬᠡᠰᠡᠭ᠂ ᠪᠠᠶᠠᠷ ᠵᠢᠷᠭᠠᠯ ᠲᠡᠭᠦᠰ ᠪᠤᠯᠭᠠᠨ ᠦᠨᠳᠦᠷᠯᠡᠭᠦᠯᠦᠭᠰᠡᠨ ᠪᠠᠶᠢᠨ᠎ᠠ᠃
ᠮᠧᠡᠭ ᠰᠢᠶᠠᠡᠭ ᠳ᠋ᠦᠡᠭ ᠸᠢᠴᠠᠲ ᠤᠨ ᠨᠡᠶᠢᠳᠡ ᠶᠢᠨ ᠲᠠᠪᠴᠠᠡᠭ
ᠦᠪᠦᠷ ᠮᠤᠡᠭᠭᠤᠯ ᠤᠨ ᠪᠦᠬᠦ ᠠᠷᠠᠳ ᠢᠶᠡᠷ ᠢᠶᠡᠨ ᠪᠡᠶ᠎ᠡ ᠪᠡᠨ ᠴᠢᠬᠢᠷᠠᠬᠵᠢᠭᠤᠯᠬᠤ ᠨᠡᠶᠢᠳᠡ ᠶᠢᠨ ᠦᠢᠯᠡᠴᠢᠯᠡᠭᠡᠨ ᠤ ᠲᠠᠪᠴᠠᠡᠭ
ᠮᠧᠡᠭ ᠰᠢᠶᠠᠡᠭ ᠳ᠋ᠦᠡᠭ APP
ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ
ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ
ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ