ᠠᠭᠤᠷ ᠠᠮᠢᠰᠬᠤᠯ ᠰᠡᠷᠢᠭᠦᠨ ᠵᠢᠭᠡᠭᠦᠨ ᠨᠠᠮᠤᠷ ᠡᠪᠦᠯ ᠤᠨ ᠵᠠᠪᠰᠠᠷ ᠪᠡᠶ᠎ᠡ ᠰᠡᠳᠭᠢᠯ ᠳ᠋ᠦ ᠡᠯᠳᠡᠪ ᠵᠦᠢᠯ ᠤᠨ ᠲᠠᠭᠠᠯᠠᠮᠵᠢ ᠦᠭᠡᠢ ᠪᠠᠶᠢᠳᠠᠯ ᠢᠯᠡᠷᠡᠨ᠎ᠡ᠃ ᠵᠢᠱᠢᠶᠡᠯᠡᠪᠡᠯ ᠨᠠᠮᠤᠷ ᠤᠨ ᠬᠠᠭᠤᠷᠠᠢ ᠡᠪᠡᠳᠴᠢᠨ᠂ ᠨᠠᠮᠤᠷ ᠤᠨ ᠭᠤᠨᠢᠬ᠂ ᠨᠠᠮᠤᠷ ᠤᠨ ᠶᠠᠳᠠᠷᠠᠯ᠁ ᠡᠨᠡᠬᠦ ᠶᠠᠪᠤᠳᠠᠯ ᠤᠯᠠᠨᠲᠠᠢ ᠨᠠᠮᠤᠷ ᠢ ᠲᠠᠭᠠᠯᠠᠮᠵᠢᠲᠠᠢ ᠰᠠᠶᠢᠬᠠᠨ ᠦᠡᠭᠭᠡᠷᠡᠭᠦᠯᠬᠦ ᠭᠡᠪᠡᠯ ᠢᠳᠡᠵᠦ ᠤᠤᠭᠤᠬᠤ ᠲᠠᠯ᠎ᠠ ᠡᠴᠡ ᠡᠬᠢᠯᠡᠨ ᠬᠤᠪᠢᠷᠠᠯᠲᠠ ᠭᠠᠷᠭᠠᠪᠠᠯ ᠵᠤᠬᠢᠨ᠎ᠠ᠃
ᠵᠢᠮᠢᠰ ᠪᠤᠯ ᠬᠦᠮᠦᠰ ᠤᠨ ᠠᠮᠢᠳᠤᠷᠠᠯ ᠳ᠋ᠦ ᠳᠤᠲᠠᠬᠳᠠᠵᠦ ᠪᠤᠯᠤᠰᠢ ᠦᠭᠡᠢ ᠨᠢᠭᠡᠨ ᠵᠦᠢᠯ ᠤᠨ ᠢᠳᠡᠭᠡᠨ ᠮᠦᠨ᠃ ᠵᠢᠮᠢᠰ ᠲᠦ ᠬᠦᠮᠦᠨ ᠤ ᠪᠡᠶ᠎ᠡ ᠴᠤᠬᠴᠠ ᠳ᠋ᠦ ᠬᠡᠷᠡᠭᠰᠡᠬᠦ ᠰᠢᠬᠢᠷ ᠤᠨ ᠵᠦᠢᠯ᠂ ᠤᠷᠭᠠᠨᠢᠬ ᠬᠦᠴᠢᠯ᠂ ᠸᠢᠲ᠋ᠠᠮᠢᠨ ᠪᠤᠯᠤᠨ ᠤᠷᠭᠠᠨᠢᠬ ᠪᠤᠰᠤ ᠲᠠᠪᠤᠰᠤ ᠠᠭᠤᠯᠤᠬᠳᠠᠨᠠ᠃ ᠭᠡᠪᠡᠴᠦ ᠵᠢᠮᠢᠰ ᠪᠠᠰᠠ ᠬᠦᠢᠲᠡᠨ᠂ ᠬᠠᠯᠠᠭᠤᠨ᠂ ᠪᠦᠯᠢᠶᠡᠨ᠂ ᠰᠡᠷᠢᠭᠦᠨ ᠮᠡᠳᠦ ᠶᠢᠨ ᠠᠳᠠᠯᠢ ᠪᠤᠰᠤ ᠶᠢᠨ ᠪᠠᠶᠢᠵᠦ᠂ ᠵᠢᠮᠢᠰ ᠪᠦᠷᠢ ᠳ᠋ᠦ ᠠᠭᠤᠯᠤᠬᠳᠠᠬᠤ ᠰᠢᠮ᠎ᠡ ᠲᠡᠵᠢᠭᠡᠯ ᠤᠨ ᠡᠳ᠋ ᠨᠢ ᠴᠦ ᠠᠳᠠᠯᠢ ᠪᠤᠰᠤ ᠪᠠᠢᠢᠳᠠᠬ ᠶᠤᠮ᠂ ᠡᠶᠢᠮᠦ ᠡᠴᠡ ᠵᠢᠮᠢᠰ ᠢ ᠢᠳᠡᠬᠦ ᠳ᠋ᠦ ᠮᠡᠳᠡᠯᠭᠡ ᠱᠠᠭᠠᠷᠳᠠᠬᠳᠠᠨ᠎ᠠ᠃
ᠪᠠᠶᠢᠴᠠᠭᠠᠯᠲᠠ ᠢᠯᠡᠷᠡᠭᠦᠯᠦᠭᠰᠡᠨ ᠨᠢ᠂ ᠴᠢᠰᠦᠨ ᠳᠤᠲᠤᠷᠠᠬᠢ ᠸᠢᠲ᠋ᠠᠮᠢᠨ B12 ᠤᠨ ᠬᠡᠮᠵᠢᠶ᠎ᠡ ᠦᠨᠳᠦᠷ ᠪᠠᠶᠢᠭ᠎ᠠ ᠬᠦᠮᠦᠨ ᠲᠠᠷᠢᠬᠢᠨ ᠠᠪᠴᠢᠯ ᠤᠯᠬᠤ ᠨᠤᠷᠮ᠎ᠠ ᠨᠢ ᠢᠯᠡᠳᠲᠡ ᠳᠤᠤᠷ᠎ᠠ᠃ ᠡᠨᠡᠬᠦ ᠲᠤᠷᠰᠢᠯᠲᠠ ᠶᠢᠨ ᠬᠠᠷᠠᠭᠤᠯᠤᠬᠰᠠᠨ ᠢᠶᠡᠷ᠂ ᠲᠦᠬᠦᠮᠬᠡᠨ ᠢᠳᠡᠭᠡᠨ ᠤ ᠳᠤᠬᠢᠷᠠᠭᠤᠯᠤᠯᠲᠠ ᠪᠡᠷ ᠲᠠᠮᠵᠢᠨ ᠨᠡᠡᠭ ᠤᠯᠠᠨ ᠸᠢᠲ᠋ᠠᠮᠢᠨ B12 ᠢ ᠬᠤᠷᠠᠮᠳᠤᠭᠤᠯᠵᠦ ᠲᠠᠷᠢᠬᠢᠨ ᠠᠪᠴᠢᠯ ᠢ ᠪᠠᠭᠠᠰᠬᠠᠵᠦ ᠪᠤᠯᠤᠨ᠎ᠠ᠃ ᠸᠢᠲ᠋ᠠᠮᠢᠨ B12 ᠨᠢ ᠵᠢᠭᠠᠰᠤᠨ ᠮᠢᠬ᠎ᠠ᠂ ᠮᠢᠬ᠎ᠠ ᠪᠤᠯᠤᠨ ᠦᠨᠢᠶᠡᠨ ᠰᠦ ᠳ᠋ᠦ ᠦᠷᠭᠡᠨ ᠢᠶᠡᠷ ᠠᠭᠤᠯᠤᠬᠳᠠᠵᠦ ᠪᠠᠶᠢᠳᠠᠬ᠃
ᠮᠧᠡᠭ ᠰᠢᠶᠠᠡᠭ ᠳ᠋ᠦᠡᠭ ᠸᠢᠴᠠᠲ ᠤᠨ ᠨᠡᠶᠢᠳᠡ ᠶᠢᠨ ᠲᠠᠪᠴᠠᠡᠭ
ᠦᠪᠦᠷ ᠮᠤᠡᠭᠭᠤᠯ ᠤᠨ ᠪᠦᠬᠦ ᠠᠷᠠᠳ ᠢᠶᠡᠷ ᠢᠶᠡᠨ ᠪᠡᠶ᠎ᠡ ᠪᠡᠨ ᠴᠢᠬᠢᠷᠠᠬᠵᠢᠭᠤᠯᠬᠤ ᠨᠡᠶᠢᠳᠡ ᠶᠢᠨ ᠦᠢᠯᠡᠴᠢᠯᠡᠭᠡᠨ ᠤ ᠲᠠᠪᠴᠠᠡᠭ
ᠮᠧᠡᠭ ᠰᠢᠶᠠᠡᠭ ᠳ᠋ᠦᠡᠭ APP
ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠬᠡᠪᠯᠡᠯ ᠤᠨ ᠡᠷᠬᠡ ᠲᠠᠢ
ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠲᠤᠪᠴᠢᠶ᠎ᠠ ᠡᠴᠡ ᠭᠤᠤᠯᠴᠢᠯᠠᠨ ᠡᠷᠬᠢᠯᠡᠪᠡ
ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠳᠤᠨ ᠳᠠᠭᠠᠭᠠᠴᠢᠯᠠᠪᠠ